| 5 ᠰᠠᠷ᠎ᠠ ᠶᠢᠨ 31 ᠤ ᠡᠳᠦᠷ᠂ ᠵᠠᠷᠤᠳ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠢ ᠳ᠋ᠦᠩᠨᠡᠨ ᠡᠷᠭᠢᠴᠡᠭᠦᠯᠵᠦ᠂ ᠳᠣᠤᠷ᠎ᠠ ᠬᠠᠭᠠᠰ | ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠬᠤᠷᠠᠯ ᠳᠤ | ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠤᠨ | ᠬᠤᠷᠢᠶᠠᠨ ᠤ ᠤᠬᠠᠭᠤᠯᠬᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ | ᠺᠠᠳ᠋ᠷ ᠬᠤᠷᠠᠯ ᠳᠤ ᠣᠷᠣᠯᠴᠠᠪᠠ᠃ | ᠢᠦᠢ ᠯᠢᠩ ᠬᠤᠤ ᠴᠢᠬᠤᠯᠠᠴᠢᠯᠠᠭᠰᠠᠨ ᠨᠢ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠬᠤ ᠪᠠᠷ | ᠦᠨᠳᠦᠰᠦ ᠪᠣᠯᠭᠠᠬᠤ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠵᠤ | ᠂ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠰᠠᠭᠤᠳᠠᠯ ᠢ ᠢᠯᠡᠷᠡᠭᠦᠯᠦᠨ ᠦᠷ᠎ᠡ | ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ | ᠦᠷᠭᠡᠳᠭᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮ ᠵᠠᠭᠤᠴᠢᠯᠠᠭᠤᠷ ᠤᠨ ᠳᠠᠮᠵᠢᠭᠤᠯᠬᠤ ᠰᠢᠰᠲ᠋ᠧᠮ ᠢ | ᠲᠦᠷᠭᠡᠨ ᠪᠠᠶᠢᠭᠤᠯᠵᠤ᠂ ᠭᠠᠳᠠᠭᠰᠢ ᠣᠬᠠᠭᠤᠯᠬᠤ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠳᠠᠪᠠᠭᠤᠯᠢᠭ ᠢ | ᠢᠳᠡᠪᠬᠢᠲᠡᠢ ᠪᠠᠳᠠᠷᠠᠭᠤᠯᠵᠤ᠂ ᠠᠵᠢᠯ ᠢ ᠬᠠᠮᠲᠤᠪᠠᠷ ᠠᠭᠤᠰᠤᠯᠴᠠᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠬᠥᠭᠵᠢᠯᠲᠡ ᠶᠢ ᠬᠠᠮᠲᠤᠪᠠᠷ ᠠᠰᠢᠭ ᠬᠦᠷᠳᠡᠬᠦ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠵᠤ᠂ ᠬᠥᠮᠦᠰ ᠤᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠤᠷᠮ᠎ᠠ ᠵᠣᠷᠢᠭ ᠢ ᠨᠢ | ᠬᠦᠭᠵᠢᠭᠡᠵᠦ᠂ ᠭᠦᠨ ᠵᠤᠵᠠᠭᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ | ᠪᠣᠯᠭᠠᠬᠤ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠬᠦ ᠳᠤ ᠢᠳᠡᠪᠬᠢᠲᠡᠢ | ᠬᠦᠴᠦ ᠨᠡᠮᠡᠷᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ | ᠲᠦᠷᠦᠯ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠰᠡᠳᠭᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ ᠭᠡᠪᠡ᠃ | ᠢᠦᠢ ᠯᠢᠩ ᠬᠤᠤ ᠱᠠᠭᠠᠷᠳᠠᠭᠰᠠᠨ ᠨᠢ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠪᠣᠯᠪᠠᠰᠤᠨ ᠢ ᠬᠥᠮᠦᠵᠢᠭᠦᠯᠬᠦ᠂ | ᠪᠣᠯᠪᠠᠰᠤᠨ ᠢ ᠦᠢᠯᠡᠳᠦᠯᠭᠡᠵᠢᠭᠦᠯᠬᠦ ᠶᠢ ᠶᠡᠬᠡᠪᠡᠷ ᠥᠷᠨᠢᠭᠦᠯᠵᠦ᠂ ᠤᠳᠤ ᠶᠢᠨ ᠪᠠᠶᠢᠭ᠎ᠠ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠢ ᠰᠠᠶᠢᠲᠤᠷ ᠠᠰᠢᠭᠯᠠᠵᠤ ᠰᠠᠶᠢᠲᠤᠷ ᠬᠠᠮᠢᠶᠠᠷᠴᠤ᠂ ᠨᠢᠭᠡ | ᠪᠦᠯᠦᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠴᠡᠭ ᠢ ᠴᠢᠷᠮᠠᠶᠢᠨ | ᠪᠠᠶᠢᠭᠤᠯᠵᠤ᠂ ᠨᠢᠭᠡ ᠪᠦᠯᠦᠭ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠤᠨ | ᠨᠡᠷᠡᠲᠦ ᠲᠡᠮᠳᠡᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠪᠤᠶᠢᠵᠢᠭᠤᠯᠵᠤ᠂ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠬᠤ᠂ ᠣᠨᠣᠴᠠᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠪᠡ᠃ | | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ | ᠭᠡᠰᠢᠭᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠢᠶᠠᠨ ᠲᠠᠰ ᠳᠠᠷᠠᠭᠠᠯᠠᠨ ᠳᠣᠭᠢᠷᠠᠭᠤᠯᠤᠨ | ᠪᠠᠶᠢᠷᠢᠯᠠᠭᠤᠯᠪᠠ᠃ | |