| 5 ᠰᠠᠷ᠎ᠠ ᠶᠢᠨ 31 ᠤ ᠡᠳᠦᠷ᠂ ᠵᠠᠷᠤᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠬᠤᠷᠠᠯ ᠳᠤ ᠣᠷᠣᠯᠴᠠᠪᠠ᠃ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠤᠨ | ᠬᠤᠷᠢᠶᠠᠨ ᠤ ᠤᠬᠠᠭᠤᠯᠬᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ | ᠺᠠᠳ᠋ᠷ ᠬᠤᠷᠠᠯ ᠳᠤ ᠣᠷᠣᠯᠴᠠᠪᠠ᠃ | ᠬᠤᠷᠠᠯ ᠠᠴᠠ᠂ ᠤᠶᠤᠨ ᠰᠠᠨᠠᠭᠠᠨ ᠤ ᠲᠤᠯᠭᠠᠭᠤᠷᠢᠯᠠᠯ ᠢ ᠪᠤᠢ ᠪᠣᠯᠭᠠᠬᠤ᠂ ᠦᠷᠳᠡᠭ ᠤᠨ ᠬᠡᠪ ᠳᠠᠭᠤᠷᠢᠶᠠᠯ ᠢ | ᠪᠤᠢ ᠪᠣᠯᠭᠠᠬᠤ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ ᠲᠦᠮᠡᠨ ᠤ | ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠪᠠᠷ ᠵᠣᠷᠢᠯᠲᠠ ᠪᠣᠯᠭᠠᠵᠤ᠂ ︽ᠪᠦᠲᠦᠮᠵᠢᠲᠡᠢ | ᠪᠦᠷᠬᠦᠬᠦᠯᠬᠦ᠂ ᠪᠦᠲᠦᠮᠵᠢᠲᠡᠢ ᠨᠢᠭᠡᠳᠭᠡᠬᠦ᠂ ᠪᠦᠲᠦᠮᠵᠢᠲᠡᠢ ᠬᠡᠷᠡᠭᠴᠡᠭᠡ ᠬᠠᠩᠭᠠᠬᠤ︾ ᠠᠷᠭ᠎ᠠ ᠵᠠᠮ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠠᠳᠬᠤᠵᠤ ᠬᠡᠷᠡᠭᠯᠡᠭᠡᠨ ᠤ ᠦᠷ᠎ᠡ ᠠᠰᠢᠭ ᠢ | ᠨᠡᠩ ᠴᠢᠬᠤᠯᠠᠴᠢᠯᠠᠬᠤ ᠶᠢ ᠪᠠᠷᠢᠮᠲᠠᠯᠠᠵᠤ᠂ ᠪᠣᠯᠪᠠᠰᠤᠨ ᠤ ᠦᠢᠯᠡᠳᠦᠯᠭᠡ ᠶᠢᠨ ᠠᠭᠤᠯᠭ᠎ᠠ᠂ ᠬᠡᠯᠪᠡᠷᠢ᠂ ᠠᠷᠭ᠎ᠠ ᠵᠠᠮ | ᠪᠣᠯᠤᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠪᠣᠯᠪᠠᠰᠤᠨ ᠤ | ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠬᠡᠷᠡᠭᠯᠡᠵᠦ᠂ ᠠᠮᠢᠯᠠᠭᠤᠯᠵᠤ᠂ ᠬᠥᠭᠵᠢᠶᠡᠨᠲᠡᠢ ᠪᠣᠯᠭᠠᠬᠤ ᠬᠡᠷᠡᠭᠲᠡᠢ᠃ ︽ | ᠪᠣᠯᠪᠠᠰᠤᠨ ᠤ ᠦᠢᠯᠡᠳᠦᠯᠭᠡ ᠶᠢᠨ 1+ 6︾ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠲᠠᠪᠴᠠᠩ ᠢ | ᠪᠠᠶᠢᠭᠤᠯᠬᠤ ᠪᠠ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ | ᠵᠢᠭᠰᠠᠭᠠᠯ ᠤᠨ ᠭᠠᠵᠠᠷ ᠤᠨ ᠦᠷ᠎ᠡ ᠪᠦᠲᠦᠮᠵᠢ᠂ ᠤᠨᠤᠯ ᠤᠨ ᠳᠠᠮᠵᠢᠭᠤᠯᠭ᠎ᠠ᠂ ᠨᠡᠷᠡᠲᠦ ᠲᠡᠮᠳᠡᠭ ᠢ ᠡᠭᠦᠳᠬᠦ᠂ | ᠠᠵᠢᠯᠯᠠᠭ᠎ᠠ ᠥᠷᠨᠢᠭᠦᠯᠬᠦ᠂ ᠡᠬᠢ ᠪᠠᠶᠠᠯᠢᠭ ᠢ ᠨᠢᠭᠡᠳᠭᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ | ᠠᠳᠬᠤᠵᠤ᠂ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠳᠡᠭᠡᠷ᠎ᠡ᠂ ︽ᠲᠦᠩᠯᠢᠶᠣᠤ ᠬᠤᠲᠠ ᠶᠢᠨ 2023 ᠣᠨ ᠤ ︿ᠪᠢ ᠲᠠᠨ ᠢ ᠬᠠᠪᠰᠤᠷᠤᠶ᠎ᠠ﹀ ᠭᠡᠬᠦ ᠯᠸᠢ | ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡᠯᠢᠭ ᠵᠢᠱᠢᠶ᠎ᠡ ᠶᠢ ᠰᠠᠶᠢᠰᠢᠶᠠᠬᠤ ᠲᠤᠬᠠᠶ | ᠲᠣᠭᠲᠠᠭᠠᠯ︾ ᠢ ᠤᠯᠠᠮᠵᠢᠯᠠᠪᠠ︔ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠲᠣᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ︽ | ᠵᠠᠷᠤᠳ ᠬᠤᠰᠢᠭᠤᠨ ᠤ ︿ᠲᠠᠨ ᠳᠤ ᠣᠨᠴᠠ ᠲᠣᠰᠠᠲᠠᠢ﹀ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ︔ ᠪᠥᠬᠦ ᠬᠤᠲᠠ ᠶᠢᠨ ᠰᠢᠯᠢᠳᠡᠭ ᠰᠠᠶᠢᠨ | ᠳᠣᠷᠠᠴᠣᠳ ᠪᠠ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠢᠯᠢᠳᠡᠭ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠨᠡᠶᠢᠲᠡᠯᠢᠭ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠪᠠ᠃ |