ᠵᠠᠷᠤᠳ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ᠬᠢᠨ ︽6 · 1︾ ᠤ ᠬᠡᠤᠬᠡᠳ ᠤᠨ ᠪᠠᠶᠠᠷ ᠲᠤ ᠬᠠᠤᠯᠢ ᠬᠦᠷᠭᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/5
       ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠶᠢᠨ ᠲᠦᠯᠤᠭᠡ᠂ ︽6 · 1︾ ᠤ ᠬᠡᠤᠬᠡᠳ ᠤᠨ ᠪᠠᠶᠠᠷ ᠤᠨ ᠬᠤᠭᠤᠴᠠᠭᠠᠨ ᠳᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ  ᠬᠢᠨ ᠢᠳᠡᠪᠬᠢᠲᠡᠶ ᠰᠦᠪᠡᠭᠴᠢᠯᠡᠵᠦ᠂ ᠬᠡᠤᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠤᠯᠢ ᠴᠠᠭᠠᠵᠠ ᠶᠢᠨ ᠮᠡᠳᠡᠯᠭᠡ ᠶᠢᠨ ᠲᠣᠮᠣ ᠪᠡᠯᠡᠭ ᠬᠦᠷᠭᠡᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ︽ᠦᠨᠳᠦᠰᠦᠨ ᠬᠠᠤᠯᠢ︾᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠲᠣᠭᠤᠷᠢᠨ ᠳᠤ᠂ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠢ ᠬᠡᠷᠬᠢᠨ ᠬᠥᠮᠦᠵᠢᠭᠦᠯᠬᠦ᠂ ᠬᠠᠤᠯᠢ ᠶᠢ ᠰᠤᠷᠴᠤ ᠬᠠᠤᠯᠢ ᠶᠢ ᠬᠦᠨᠳᠦᠳᠬᠡᠨ ᠬᠠᠤᠯᠢ ᠶᠢ ᠰᠠᠬᠢᠵᠤ ᠰᠠᠶᠢᠨ ᠪᠠᠭᠠᠴᠤᠳ ᠪᠣᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠭᠴᠢᠳ ᠲᠤ ᠨᠢᠭᠡᠨ ᠠᠮᠢᠳᠤᠯᠢᠭ ᠬᠠᠤᠯᠢ ᠪᠠᠷ ᠵᠠᠰᠠᠬᠤ ᠬᠢᠴᠢᠶᠡᠯ ᠬᠦᠷᠭᠡᠪᠡ᠃       
微信图片_20240603094527.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号