ᠠᠷᠪᠠᠨ ᠵᠢᠷᠭᠤᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠭᠠᠳᠤᠮ ᠤᠨ ᠬᠤᠷᠠᠯ ᠤᠨ ᠰᠢᠷᠢᠰ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/6/5
    6 ᠰᠠᠷ᠎ᠠ ᠶᠢᠨ 3 ᠤ ᠡᠳᠦᠷ᠂ ᠵᠠᠷᠤᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠰᠢᠷᠢᠰ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠡᠯ᠎ᠡ ᠰᠤᠮᠤ ᠪᠠᠯᠭᠠᠰᠤ ᠲᠠᠯᠠᠪᠠᠶ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ︽ᠠᠷᠪᠠᠨ ᠵᠢᠷᠭᠤᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠭᠠᠳᠤᠮ ᠤᠨ ᠬᠤᠷᠠᠯ ᠤᠨ ᠰᠢᠷᠢᠰ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠰᠠᠨᠠᠯ ᠬᠤᠷᠢᠶᠠᠬᠤ ᠨᠤᠤᠷᠠᠭ︶ ᠢ ᠳᠠᠷᠤᠮᠠᠯᠯᠠᠨ ᠲᠠᠷᠬᠠᠭᠠᠭᠰᠠᠨ ᠤ ᠬᠠᠮᠲᠤ ᠡᠯ᠎ᠡ ᠪᠠᠶᠢᠭᠤᠯᠭ᠎ᠠ ᠨᠢᠭᠡᠴᠡ ᠶᠢᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ ᠃ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠣᠨᠣᠰᠪᠠ᠃    ᠮᠦ ᠲᠢᠶᠧ ᠮᠢᠨ ᠵᠢᠭᠠᠪᠣᠷᠢᠯᠠᠭᠰᠠᠨ ᠨᠢ᠂ ᠠᠷᠪᠠᠨ ᠵᠢᠷᠭᠤᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠪᠠ᠂ ᠡᠯ᠎ᠡ ᠰᠠᠯᠠᠭ᠎ᠠ ᠮᠥᠴᠢᠷ ᠤᠨ ᠬᠢᠨ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠭᠠᠳᠤᠮ ᠤᠨ ᠬᠤᠷᠠᠯ ᠳᠤ ᠣᠷᠣᠰᠢᠵᠤ ᠮᠡᠳᠡᠬᠦ ᠠᠰᠠᠭᠤᠳᠠᠯ ᠪᠠ ᠳᠠᠯᠳᠠ ᠭᠡᠮ ᠳᠤ ᠪᠡᠯᠡᠳᠬᠡᠯ ᠲᠥᠰᠦᠯ ᠢᠶᠠᠨ ᠰᠠᠶᠢᠲᠤᠷ ᠬᠢᠬᠦ ᠬᠡᠷᠡᠭᠲᠡᠶ ᠭᠡᠪᠡ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠲᠥᠪ ᠴᠢᠩᠭ᠎ᠠ ᠤᠯᠤᠰ ᠲᠦᠷᠦ ᠶᠢᠨ ᠣᠪᠣᠷ ᠢᠶᠠᠷ ᠡᠨᠡ ᠬᠦ ᠬᠡᠴᠡᠭᠦᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡᠯᠡᠯ ᠢᠶᠠᠨ ᠪᠠᠲᠤᠳᠬᠠᠵᠤ᠂ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠲᠤᠯᠭᠠᠮ᠎ᠠ ᠪᠣᠳᠤᠯ ᠢᠶᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠲᠠ ᠴᠢᠩᠭ᠎ᠠ ᠪᠠᠶᠢᠷᠢᠯᠠᠭᠤᠯᠵᠤ᠂ ᠨᠠᠭᠠᠳᠤᠮ ᠤᠨ ᠬᠤᠷᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠴᠢᠩᠭ᠎ᠠ ᠨᠠᠶᠢᠳᠠᠪᠤᠷᠢᠵᠢᠭᠤᠯᠵᠤ᠂ ᠨᠠᠭᠠᠳᠤᠮ ᠤᠨ ᠬᠤᠷᠠᠯ ᠤᠨ ᠤᠷᠤᠭᠰᠢᠲᠠᠢ ᠶᠠᠪᠣᠭᠳᠠᠬᠤ ᠶᠢ ᠪᠠᠲᠤᠯᠠᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠲᠠᠯᠠᠪᠠᠶ᠂ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠥᠪᠯᠡᠬᠦ ᠵᠦᠢᠯ ᠪᠠ ᠡᠭᠦᠷᠭᠡ ᠶᠢᠨ ᠬᠤᠪᠢᠶᠠᠷᠢᠯᠠᠯ ᠢ ᠦᠨᠳᠦᠰᠦᠯᠡᠨ᠂ ᠦᠪᠡᠷ ᠦᠪᠡᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯᠲᠠᠨ ᠲᠣᠳᠣᠷᠬᠠᠶ᠂ ᠬᠠᠷᠢᠭᠤᠴᠠᠯᠭ᠎ᠠ ᠲᠣᠳᠣᠷᠬᠠᠶ᠂ ᠡᠭᠦᠷᠭᠡ ᠲᠣᠳᠣᠷᠬᠠᠶ ᠪᠠᠶᠢᠬᠤ ᠬᠡᠷᠡᠭᠲᠡᠶ᠃ ᠬᠤᠷᠠᠯ ᠤᠨ ᠳᠠᠷᠠᠭ᠎ᠠ᠂ ᠳᠠᠷᠤᠶ ᠳᠤᠨᠢ ᠲᠥᠰᠦᠯ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠵᠣᠬᠢᠴᠠᠭᠤᠯᠤᠨ ᠬᠠᠮᠵᠢᠯᠴᠠᠵᠤ᠂ ᠡᠯ᠎ᠡ ᠵᠦᠢᠯ ᠤᠨ ᠠᠵᠢᠯᠯᠠᠭ᠎ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠤᠷᠤᠯᠳᠤᠭᠠᠨ ᠤ ᠦᠢᠯᠡᠴᠢᠯᠡᠭᠡ᠂ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠤᠬᠠᠭᠤᠯᠤᠨ ᠮᠡᠳᠡᠭᠡᠯᠡᠬᠦ ᠵᠡᠷᠭᠡ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠶᠢ ᠰᠢᠯᠣᠭᠤᠨ ᠪᠠᠶᠢᠯᠭᠠᠬᠤ᠂ ᠠᠮᠤᠷ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ᠂ ᠴᠢᠮᠡᠭᠡ ᠬᠤᠯᠪᠣᠭᠠᠨ ᠤ ᠪᠠᠲᠤᠯᠠᠭ᠎ᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠭᠤᠭᠴᠤᠭ᠎ᠠ ᠶᠢᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠥᠨᠳᠥᠷ ᠪᠠᠷᠢᠮᠵᠢᠶ᠎ᠠ᠂ ᠥᠨᠳᠥᠷ ᠪᠦᠲᠦᠮᠵᠢᠲᠡᠶ ᠪᠠᠷ ᠲᠣᠰ ᠤᠳᠠᠭᠠᠨ ᠤ ᠨᠠᠭᠠᠳᠤᠮ ᠤᠨ ᠬᠤᠷᠠᠯ ᠤᠨ ᠡᠯ᠎ᠡ  ᠵᠦᠢᠯ ᠤᠨ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠡᠶ  ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号