ᠵᠠᠷᠤᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/10
    7 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃    
微信图片_20240710094003.jpg
    ᠵᠠᠩ ᠯᠢ ᠭᠦᠸᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠲᠣᠬᠢᠷᠠᠭᠤᠯᠬᠤ ᠬᠡᠷᠡᠭᠲᠡᠶ᠃ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠵᠦ᠂ ᠨᠢᠭᠡ ᠲᠠᠯ᠎ᠠ ᠪᠠᠷ ᠢᠶᠠᠨ ᠴᠡᠭᠴᠡᠯᠡᠨ ᠵᠠᠰᠠᠬᠤ︾ ᠶᠢ ᠪᠠᠷᠢᠮᠲᠠᠯᠠᠵᠤ᠂ ᠬᠤᠭ ᠨᠣᠪᠰᠢ ᠬᠠᠶᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ ᠪᠣᠳᠠᠲᠠᠶ ᠪᠠᠶᠢᠴᠠᠭᠠᠨ ᠳᠣᠲᠣᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠠᠩᠬᠠᠷᠴᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠠᠰᠢᠭ ᠲᠤᠰᠠ ᠶᠢᠨ ᠬᠡᠯᠬᠢᠶ᠎ᠡ ᠶᠢ ᠬᠦᠴᠦᠯᠡᠨ ᠲᠠᠰᠤᠯᠵᠤ᠂ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠃ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠦᠨᠳᠦᠰᠦᠨ ᠠᠴᠠ ᠨᠢ ᠵᠠᠰᠠᠬᠤ ᠠᠷᠭ᠎ᠠ ᠬᠡᠮᠵᠢᠶ᠎ᠡ ᠶᠢ ᠰᠤᠳᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃    
微信图片_20240710094008.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号