ᠪᠠᠶᠠᠨᠲᠠᠯ᠎ᠠ ᠰᠤᠮᠤ ᠦᠶᠡᠷ ᠢ ᠰᠡᠷᠭᠡᠶᠢᠯᠡᠬᠦ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/7/15
    ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠪᠠᠶᠠᠨᠲᠠᠯ᠎ᠠ ᠰᠤᠮᠤ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠬᠠᠷᠢᠶ᠎ᠠ ᠣᠷᠣᠨ ᠤ ᠪᠠᠨ ᠭᠠᠴᠠᠭ᠎ᠠ ᠲᠣᠰᠬᠤᠨ ᠵᠢᠴᠢ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠵᠦ᠂ ᠦᠶᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠱᠠᠭᠠᠷᠳᠠᠨ ᠪᠠᠶᠢᠴᠠᠭᠠᠬᠤ ᠶᠠᠪᠤᠴᠠ ᠳᠤ᠂ ᠤᠰᠤᠨ ᠵᠠᠮ᠂ ᠤᠰᠤ ᠬᠤᠷᠠᠭᠰᠠᠨ ᠨᠦᠬᠡ᠂ ᠠᠶᠤᠯᠲᠠᠢ ᠪᠠᠷᠢᠯᠭ᠎ᠠ ᠶᠢᠨ ᠬᠡᠰᠡᠭ ᠵᠡᠷᠭᠡ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠬᠦᠷᠢᠶ᠎ᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠨ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠪᠣᠯᠣᠨ ᠳᠠᠯᠲᠠ ᠭᠡᠮ ᠳᠤ ᠴᠢᠭᠯᠡᠭᠦᠯᠦᠨ᠂ ᠠᠬᠤᠢ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号