ᠵᠠᠷᠤᠳ ᠬᠤᠰᠢᠭᠤ᠄ ᠭᠤᠣᠯ ‍ᠤᠨ‌‍ᠰᠠᠪᠠ ᠶᠢᠨ ᠵᠠᠰᠠᠯᠲᠠ ᠶᠢ ᠲᠦᠷᠭᠡᠳᠬᠡᠵᠦ ︽ᠠᠮᠤᠷ ᠲᠦᠪᠰᠢᠨ ᠤ ᠳᠠᠯᠠᠩ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/7/15
     ᠣᠶᠢᠷ᠎ᠠ ᠶᠢᠨ ᠵᠢᠯ ᠠᠴᠠ ᠨᠠᠭᠠᠰᠢ᠂ ᠵᠠᠷᠤᠳ ᠬᠤᠰᠢᠭᠤ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠳᠤᠮᠳᠠ ᠪᠠᠭ᠎ᠠ ᠭᠤᠤᠯ ᠤᠨ ᠰᠠᠪᠠ ᠶᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠭᠦᠯᠵᠦ᠂ ᠭᠤᠤᠯ ᠮᠥᠷᠡᠨ ᠤ ᠦᠶᠡᠷ ᠤᠰᠤᠲᠤᠯ ᠢ ᠵᠠᠯᠠᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠠ ᠠᠮᠢ ᠠᠬᠤᠶ ᠶᠢᠨ ᠴᠢᠳᠠᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠨᠡᠨ ᠪᠣᠳᠠᠲᠠᠶ ᠪᠣᠳᠠᠲᠤ ᠶᠠᠪᠤᠳᠠᠯ ᠬᠢᠵᠦ ᠥᠭᠪᠡ᠃     ᠲᠡᠩᠭᠡᠯᠢᠭ ᠤᠨ ᠭᠤᠣᠯ ᠢ ᠵᠠᠰᠠᠬᠤ ᠢᠨᠵᠧᠨᠧᠷᠢᠩ ᠵᠢᠴᠢ ᠨᠠᠷᠠᠨ ᠭᠤᠣᠯ ᠢ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ ᠮᠠᠯᠲᠠᠭᠤᠷ ᠮᠠᠰᠢᠨ᠂ ᠱᠦᠢᠨᠢ ᠯᠠᠰᠠᠯᠠᠭᠰᠠᠨ ᠲᠡᠷᠭᠡ ᠶᠢᠨ ᠬᠦᠩᠭᠢᠨᠡᠮ᠎ᠡ ᠳᠠᠭᠤᠨ ᠲᠠᠰᠤᠷᠠᠯᠲᠠ ᠦᠭᠡᠢ ᠴᠤᠤᠷᠢᠶᠠᠲᠤᠵᠤ᠂ ᠠᠵᠢᠯᠴᠢᠳ ᠡᠯ᠎ᠡ ᠴᠡᠭ ᠲᠤ ᠠᠵᠢᠯᠯᠠᠵᠤ᠂ ᠤᠯᠠᠨ ᠢᠶᠠᠷ ᠢᠶᠠᠨ ᠡᠷᠴᠢ ᠵᠣᠷᠢᠭ ᠢᠶᠠᠨ ᠬᠥᠪᠴᠢᠯᠡᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠠᠬᠢᠬᠤ ᠶᠢ ᠪᠠᠲᠤᠯᠠᠪᠠ᠃     ᠠᠬᠤᠢ ᠲᠠᠯᠠᠪᠠᠢ ᠶᠢᠨ ᠬᠠᠷᠢᠭᠤᠴᠠᠯᠭᠠᠲᠠᠨ ᠵᠣᠣ ᠱᠢ ᠫᠧᠩ ᠬᠡᠯᠡᠭᠰᠡᠨ ᠨᠢ᠄ ︽ᠪᠢᠳᠡ ᠠᠳᠡ ᠢᠷᠡᠭᠡᠳ 10 ᠡᠳᠦᠷ ᠪᠣᠯᠴᠢᠬᠠᠯ᠎ᠠ᠂ ᠣᠳᠣ ᠤᠰᠤ ᠥᠩᠭᠡᠷᠡᠬᠦ ᠱᠦᠢᠨᠢ ᠵᠠᠮ ᠢ ᠨᠢᠭᠡᠨᠲᠡ ᠴᠢᠳᠬᠤᠵᠤ ᠳᠠᠭᠤᠰᠬᠠᠪᠠ᠂ ᠪᠠᠰᠠ ᠨᠢᠭᠡ ᠴᠡᠭ ᠲᠠᠪᠤᠨ ᠮᠧᠲᠷ ᠥᠷᠭᠡᠨ ᠲᠤᠯᠤᠭᠠᠨ ᠴᠢᠯᠠᠭᠤᠨ ᠰᠢᠩᠭᠡᠯᠢᠭ ᠪᠠᠶᠢᠵᠤ᠂ ᠪᠠᠷᠤᠭ ᠭᠤᠷᠪᠠᠨ ᠡᠳᠦᠷ ᠠᠵᠢᠯᠯᠠᠪᠠᠯ ᠪᠦᠬᠦᠨ ᠢ ᠪᠡᠶᠡᠯᠡᠭᠦᠯᠵᠦ᠂ ᠳᠠᠷᠠᠭ᠎ᠠ ᠨᠢ ᠪᠧᠲ᠋ᠤᠨ ᠴᠢᠳᠬᠤᠬᠤ ᠡᠨᠡ ᠬᠦ ᠡᠭᠡᠯᠵᠢ ᠶᠢᠨ ᠠᠵᠢᠯ ᠢ ᠬᠢᠵᠦ᠂ ᠮᠠᠷᠭᠠᠰᠢ ᠳᠣᠮᠳᠠ ᠣᠭᠠᠯᠵᠢ ᠭᠠᠴᠠᠭ᠎ᠠ ᠳᠤ ᠣᠴᠢᠬᠤ ᠪᠠᠷ ᠪᠠᠶᠢᠨ᠎ᠠ᠂ ᠠᠳᠡ ᠪᠢᠳᠡ ᠪᠠᠰᠠ ᠴᠠᠭ ᠨᠡᠮᠡᠵᠦ ᠠᠵᠢᠯᠯᠠᠵᠤ᠂ ᠠᠷᠠᠳ ᠤᠯᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠨᠢᠭᠡᠨ ᠬᠦᠴᠦᠲᠡᠢ ᠪᠠᠲᠤᠯᠠᠭ᠎ᠠ ᠬᠠᠩᠭᠠᠨ᠎ᠠ᠃︾ ᠭᠡᠪᠡ᠃    ᠭᠠᠭ᠋ᠠᠶᠢᠲᠤ ᠭᠤᠣᠯ ᠤᠨ ᠭᠠᠭ᠋ᠠᠶᠢᠲᠤ ᠲᠣᠰᠬᠤᠨ ᠤ ᠬᠡᠰᠡᠭ ᠲᠤ ᠭᠤᠣᠯ ᠨᠢ ᠲᠤᠩᠭᠠᠯᠠᠭ᠂ ᠭᠤᠣᠯ ᠤᠨ ᠡᠷᠭᠢ ᠳᠠᠭᠠᠤ ᠡᠪᠡᠰᠦ ᠮᠣᠳᠣ ᠬᠥᠬᠡᠷᠡᠨ ᠨᠣᠭᠤᠭᠠᠷᠠᠵᠤ ᠰᠡᠬᠦ᠋ᠢᠨ ᠬᠠᠷᠠᠭᠳᠠᠨ᠎ᠠ᠃ ᠣᠯᠠᠨ ᠵᠢᠯ ᠤᠨ ᠲᠤᠷᠰᠢ᠂ ᠦᠶᠡᠷ ᠤᠨ ᠬᠤᠭᠤᠴᠠᠭ᠎ᠠ ᠪᠣᠯᠬᠤ ᠪᠦᠷᠢ᠂ ᠭᠤᠤᠯ ᠤᠨ ᠡᠷᠭᠢ ᠳᠠᠭᠠᠤ ᠶᠢᠨ ᠲᠠᠷᠢᠶᠠᠨ ᠭᠠᠵᠠᠷ ᠤᠰᠤᠨ ᠳᠤ ᠤᠷᠤᠰᠬᠠᠭᠳᠠᠵᠤ᠂ ᠭᠤᠤᠯ ᠳᠠᠭᠠᠤ ᠶᠢᠨ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠵᠤ᠂ ᠠᠮᠤᠷ ᠲᠦᠪᠰᠢᠨ ᠤ ᠳᠠᠯᠳᠠ ᠭᠡᠮ ᠪᠠᠭ᠎ᠠ ᠪᠤᠰᠤ ᠣᠷᠣᠰᠢᠵᠤ ᠪᠠᠶᠢᠪᠠ᠃ ᠡᠨᠡ ᠤᠳᠠᠭ᠎ᠠ ᠬᠠᠰᠢᠯᠭ᠎ᠠ ᠶᠢ ᠰᠢᠨ᠎ᠡ ᠪᠠᠷ ᠪᠠᠶᠢᠭᠤᠯᠬᠤ᠂ ᠰᠢᠪᠡᠷ ᠢ ᠴᠡᠪᠡᠷᠯᠡᠨ ᠤᠷᠣᠰᠬᠠᠯ ᠢ    ᠰᠢᠯᠣᠭᠤᠳᠬᠠᠬᠤ ᠰᠢᠯᠣᠳᠣᠳᠬᠠᠬᠤ ᠵᠡᠷᠭᠡ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠠᠪᠴᠤ ᠪᠠᠶᠢᠭᠠᠳ ᠵᠠᠰᠠᠵᠤ᠂ ᠭᠤᠤᠯ ᠤᠨ ᠡᠷᠭᠢ ᠳᠠᠭᠠᠤ ᠶᠢᠨ ᠦᠶᠡᠷ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯ ᠤᠨ ᠬᠤᠶᠠᠷ ᠡᠷᠭᠢ ᠶᠢᠨ ᠲᠠᠷᠢᠶᠠᠨ ᠭᠠᠵᠠᠷ ᠵᠢᠴᠢ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠪᠡ᠃    ︽ᠭᠤᠣᠯ ᠤᠨ ᠰᠠᠪᠠ ᠶᠢᠨ ᠰᠡᠯᠪᠢᠨ ᠵᠠᠰᠠᠬᠤ ᠠᠴᠠ ᠡᠮᠦᠨ᠎ᠡ᠂ ᠡᠨᠡ ᠬᠦ ᠬᠠᠰᠢᠯᠭ᠎ᠠ ᠮᠠᠰᠢ ᠥᠷᠭᠡᠨ ᠪᠠᠶᠢᠵᠤ᠂ ᠠᠭᠤᠯᠠᠨ ᠦᠶᠡᠷ ᠢᠷᠡᠪᠡᠯ᠂ ᠭᠤᠣᠯ ᠤᠨ ᠬᠥᠪᠡᠭᠡᠨ ᠤ ᠮᠣᠳᠣ ᠶᠢ ᠪᠦᠷ ᠤᠷᠤᠰᠬᠠᠨ ᠠᠪᠠᠴᠢᠵᠤ᠂ ᠲᠠᠷᠢᠭᠰᠠᠨ ᠭᠠᠵᠠᠷ ᠢ ᠴᠦ ᠣᠷᠣᠰᠬᠠᠳᠠᠭ᠂ ᠵᠠᠰᠠᠵᠤ ᠪᠠᠷᠠᠭᠰᠠᠨ ᠤ ᠳᠠᠷᠠᠭ᠎ᠠ ᠮᠠᠨ ᠤ ᠠᠷᠠᠳ ᠤᠯᠠᠨ ᠤ ᠠᠮᠤᠷ ᠲᠦᠪᠰᠢᠨ ᠪᠠᠲᠤᠯᠠᠭ᠎ᠠ ᠲᠠᠢ ᠪᠣᠯᠵᠤ᠂ ᠦᠶᠡᠷ ᠤᠨ ᠤᠰᠤ ᠲᠣᠰᠬᠤᠨ ᠳᠤ ᠣᠷᠣᠬᠤ ᠦᠭᠡᠢ᠂ ᠪᠠᠰᠠ ᠲᠠᠷᠢᠶᠠᠨ ᠳᠤ ᠣᠷᠣᠬᠤ ᠦᠭᠡᠢ ᠪᠣᠯᠵᠠᠢ᠂ ᠠᠷᠠᠳ ᠤᠯᠠᠨ ᠳᠤ ᠪᠤᠶᠠᠨ ᠦᠢᠯᠡᠳᠬᠦ ᠰᠠᠶᠢᠨ ᠢᠨᠵᠧᠨᠧᠷᠢᠩ ᠮᠦᠨ︾ ᠭᠡᠵᠦ ᠭᠠᠭ᠋ᠠᠶᠢᠲᠤ ᠪᠠᠯᠭᠠᠰᠤᠨ ᠤ ᠭᠠᠭ᠋ᠠᠶᠢᠲᠤ ᠭᠠᠴᠠᠭᠠᠨ ᠤ ᠡᠦ ᠭᠠᠩ ᠬᠡᠯᠡᠪᠡ᠃    ᠤᠰᠤᠨ ᠠᠰᠢᠭᠯᠠᠯᠲᠠ ᠶᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠬᠦᠭᠵᠢᠯᠲᠡ ᠶᠢ ᠠᠬᠢᠭᠤᠯᠵᠤ ᠪᠤᠢ᠃ ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠳᠤᠮᠳᠠ ᠪᠠᠭ᠎ᠠ ᠭᠤᠤᠯ ᠮᠥᠷᠡᠨ ᠢ ᠵᠠᠰᠠᠬᠤ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 3604 ᠲᠦᠮᠡᠨ ᠲᠥᠭᠦᠷᠢᠭ ᠪᠠᠶᠢᠵᠤ᠂ ᠯᠦᠪᠸᠢ ᠪᠠᠯᠭᠠᠰᠤ᠂ ᠴᠢᠪᠠᠭᠠᠲᠤ ᠰᠤᠮᠤ᠂ ᠰᠢᠶᠠᠩᠱᠠᠨ ᠪᠠᠯᠭᠠᠰᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠵᠡᠷᠭᠡ ᠰᠤᠮᠤ ᠪᠠᠯᠭᠠᠰᠤ ᠲᠠᠯᠠᠪᠠᠶ ᠶᠢᠨ 10 ᠭᠠᠷᠤᠶ ᠭᠠᠴᠠᠭ᠎ᠠ ᠲᠣᠰᠬᠤᠨ ᠳᠤ ᠬᠤᠯᠪᠣᠭᠳᠠᠵᠤ᠂ ᠶᠡᠷᠦᠩᠬᠡᠶᠢᠯᠡᠨ ᠵᠠᠰᠠᠭᠰᠠᠨ ᠣᠷᠳᠣ ᠨᠢ 51.5 ᠺᠢᠯᠤᠮᠧᠲᠷ ᠬᠦᠷᠪᠡ᠃ ᠢᠨᠵᠧᠨᠧᠷᠢᠩ ᠪᠠᠶᠢᠭᠤᠯᠤᠭᠳᠠᠭᠰᠠᠨ ᠤ ᠳᠠᠷᠠᠭ᠎ᠠ ᠬᠤᠶᠠᠷ ᠡᠷᠭᠢ ᠶᠢᠨ 1.72 ᠲᠦᠮᠡᠨ ᠬᠥᠮᠦᠨ ᠠᠮᠠ᠂ 17.8 ᠲᠦᠮᠡᠨ ᠮᠦ ᠲᠠᠷᠢᠶᠠᠨ ᠭᠠᠵᠠᠷ ᠢ ᠬᠠᠮᠠᠭᠠᠯᠠᠬᠤ ᠶᠢᠨ ᠬᠠᠮᠲᠤ ᠲᠥᠷᠥᠯ ᠵᠦᠢᠯ ᠤᠨ ᠲᠣᠭᠤᠷᠢᠭ ᠤᠨ ᠲᠣᠰᠬᠤᠨ ᠤ ᠠᠷᠠᠳ ᠤᠨ ᠠᠮᠤᠷ ᠲᠦᠪᠰᠢᠨ ᠢ ᠪᠠᠲᠤᠯᠠᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号