ᠣᠶᠢᠷ᠎ᠠ ᠳᠤ᠂ ᠴᠢᠪᠠᠭᠠᠲᠤ ᠰᠤᠮᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠲᠦᠢᠮᠣ ᠥᠭᠦᠯᠡᠯᠲᠡ︾ ᠶᠢ ᠲᠦᠪᠯᠡᠷᠡᠨ ᠰᠤᠷᠤᠯᠴᠠᠪᠠ᠃ ᠬᠤᠷᠠᠯ ᠳᠡᠭᠡᠷ᠎ᠡ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠥᠭᠦᠯᠡᠯᠲᠡ︾ ᠶᠢᠨ ᠬᠤᠯᠪᠣᠭᠳᠠᠯ ᠪᠦᠬᠦᠢ ᠪᠦᠯᠦᠭ ᠢ | ᠲᠥᠪᠯᠡᠷᠡᠭᠦᠯᠦᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠪᠦᠷᠢᠯᠳᠤᠭ᠍ᠰᠡᠨ᠂ ᠠᠭᠤᠰᠤᠯᠴᠠᠭᠰᠠᠨ᠂ | ᠬᠦᠭᠵᠢᠭᠰᠡᠨ ᠲᠡᠦᠬᠡᠨ ᠰᠤᠳᠠᠰᠤ ᠶᠢ ᠬᠠᠮᠲᠤ ᠪᠠᠷ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠠᠷᠭ᠎ᠠ ᠵᠠᠮ ᠢ ᠭᠦᠨᠵᠡᠭᠡᠶ ᠣᠶᠢᠯᠠᠭᠠᠪᠠ᠃ ᠲᠣᠰ | ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠᠳᠤ ᠶᠢᠨ | ᠦᠨᠳᠦᠰᠦᠲᠡᠨ ᠤ ᠲᠤᠬᠠᠶ ᠤᠬᠠᠮᠰᠠᠷ ᠮᠡᠳᠡᠷᠡᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠪᠠ᠃ | | | |