ᠮᠧᠩ ᠰᠢᠶᠠᠨ ᠳ᠋ᠦᠩ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 15 ᠤ ᠡᠳᠦᠷ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠲᠣᠭᠤᠷᠢᠨ ᠦᠵᠡᠬᠦ ᠬᠤᠷᠠᠯ ᠵᠠᠷᠤᠳ ᠬᠤᠰᠢᠭᠤᠨ ᠳᠤ ᠬᠢᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ ᠣᠷᠣᠯᠴᠠᠭᠰᠠᠨ ᠪᠥᠭᠡᠳ ᠵᠠᠷᠤᠳ ᠬᠤᠰᠢᠭᠤᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠦᠨᠡᠯᠡᠯᠲᠡ ᠬᠢᠪᠠ᠃   
微信图片_20240716092203.jpg
    ᠮᠧᠩ ᠰᠢᠶᠠᠨ ᠳ᠋ᠦᠩ ᠵᠠᠷᠤᠳ ᠬᠤᠰᠢᠭᠤᠨ ᠤ ᠭᠦᠸᠧ ᠷᠦᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ᠂ ᠥᠪᠥᠷ ᠮᠣᠩᠭᠤᠯ ᠤᠨ ᠾᠦᠸᠧ ᠮᠧᠶ ᠬᠤᠩ ᠵᠢᠶᠦ᠋ᠨ ᠵᠠᠬᠠᠨᠠᠭᠤᠷ ᠤᠨ ᠬᠥᠩᠭᠡᠨ ᠴᠠᠭᠠᠨ ᠤ ᠬᠠᠶᠢᠯᠤᠰᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ᠂ ᠥᠪᠥᠷ ᠮᠣᠩᠭᠤᠯ ᠤᠨ ᠪᠠᠩ ᠵᠢᠶᠧ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠾᠦᠢ ᠴᠠᠬᠢᠯᠭᠠᠨ ᠲᠠᠳᠠᠯᠭ᠎ᠠ ᠶᠢᠨ ᠲᠥᠷᠥᠯ ᠵᠦᠢᠯ᠂ ᠵᠠᠷᠤᠳ ᠬᠤᠰᠢᠭᠤᠨ ᠤ 2023 ᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠵᠢᠴᠢ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ᠂ ᠵᠢᠶᠠ ᠨᠧᠩ ᠢᠯᠴᠢ ᠬᠠᠩᠭᠠᠬᠤ ᠺᠣᠮᠫᠠᠨᠢ ᠶᠢᠨ ᠡᠮᠦᠨ᠎ᠡ ᠲᠡᠭᠦᠷᠭᠡ ᠶᠢᠨ ᠢᠯᠴᠢ ᠬᠠᠩᠭᠠᠬᠤ ᠦᠢᠯᠡᠳᠪᠦᠷᠢ ᠶᠢᠨ ᠲᠠᠰᠤᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠵᠠᠷᠤᠳ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠥᠩᠭᠡ ᠦᠵᠡᠮᠵᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠲᠣᠭᠤᠷᠢᠨ ᠦᠵᠡᠪᠡ᠃      
微信图片_20240716092151.jpg
     ᠾᠦᠸᠧ ᠮᠧᠶ ᠬᠤᠩ ᠵᠢᠶᠦ᠋ᠨ ᠬᠦᠩᠬᠡᠨᠴᠠᠭᠠᠨ ᠤ ᠬᠠᠶᠢᠯᠤᠰᠢ ᠶᠢ ᠦᠷᠬᠦᠯᠵᠢᠯᠡᠨ ᠪᠠᠶᠢᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 30.33 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠤᠨ ᠡᠵᠡᠩᠨᠡᠯᠳᠡ ᠶᠢᠨ ᠤᠷᠤᠯᠭ᠎ᠠ ᠨᠢ 55 ᠳ᠋ᠦᠩᠰᠢᠭᠤᠷ ᠲᠦᠬᠦᠷᠢᠭ ᠲᠤ ᠬᠦᠷᠴᠦ᠂ ᠠᠰᠢᠭ ᠬᠤᠨᠵᠢᠪᠤᠷᠢ ᠨᠢ 6.7 ᠳ᠋ᠦᠩᠰᠢᠭᠤᠷ ᠲᠦᠬᠦᠷᠢᠭ ᠲᠤ ᠬᠦᠷᠬᠦ ᠪᠠᠷ ᠲᠦᠯᠦᠪᠯᠡᠵᠦ ᠪᠤᠢ︔ ᠦᠪᠤᠷ ᠮᠤᠩᠭᠤᠯ ᠤᠨ ᠮᠧᠩ ᠾᠦᠢ ᠴᠠᠬᠢᠯᠭᠠᠨ ᠲᠠᠳᠠᠯᠭ᠎ᠠ ᠶᠢᠨ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 3 ᠳ᠋ᠦᠩᠰᠢᠭᠤᠷ ᠲᠦᠬᠦᠷᠢᠭ ᠲᠤ ᠬᠦᠷᠴᠦ᠂ 10 ᠰᠠᠷ᠎ᠠ ᠶᠢᠨ ᠰᠡᠬᠦᠯᠴᠢ ᠪᠠᠷ ᠪᠠᠷᠢᠯᠭ᠎ᠠ ᠡᠬᠢᠯᠡᠵᠤ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠤ᠂ 10 ᠳ᠋ᠦᠩᠰᠢᠭᠤᠷ ᠲᠦᠬᠦᠷᠢᠭ ᠲᠤ ᠬᠦᠷᠬᠦ ᠪᠠᠷ ᠲᠦᠯᠦᠪᠯᠡᠵᠤ᠂ ᠵᠢᠶᠠ ᠨᠧᠩ ᠢᠯᠴᠢ ᠬᠠᠩᠭᠠᠬᠤ ᠺᠣᠮᠫᠠᠨᠢ ᠶᠢᠨ ᠡᠮᠦᠨ᠎ᠡ ᠲᠡᠭᠦᠷᠭᠡ ᠶᠢᠨ ᠢᠯᠴᠢ ᠬᠠᠩᠭᠠᠬᠤ ᠦᠢᠯᠡᠳᠪᠦᠷᠢ ᠶᠢᠨ ᠲᠠᠰᠤᠭ ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1380 ᠲᠦᠮᠡᠨ ᠲᠥᠭᠦᠷᠢᠭ ᠲᠤ ᠬᠦᠷᠴᠦ᠂ ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠲᠣᠭᠤᠰᠣ ᠠᠷᠢᠯᠭᠠᠬᠤ ᠦᠷ᠎ᠡ ᠪᠦᠲᠦᠮᠵᠢ 99.8% ᠳᠤ ᠬᠦᠷᠴᠦ᠂ ᠬᠦᠬᠦᠷ ᠥᠬᠡᠶᠢᠳᠡᠭᠦᠯᠬᠦ ᠦᠷ᠎ᠡ ᠪᠦᠲᠦᠮᠵᠢ 90% ᠳᠤ ᠬᠦᠷᠴᠦ᠂ ᠱᠡᠦ ᠥᠬᠡᠶᠢᠳᠡᠭᠦᠯᠬᠦ ᠦᠷ᠎ᠡ ᠪᠦᠲᠦᠮᠵᠢ 85% ᠳᠤ ᠬᠦᠷᠴᠦ᠂ ᠮᠥᠩᠭᠦᠨ ᠤᠰᠤ ᠥᠬᠡᠶᠢᠳᠡᠭᠦᠯᠬᠦ ᠦᠷ᠎ᠡ ᠪᠦᠲᠦᠮᠵᠢ 90% ᠳᠤ ᠬᠦᠷᠴᠦ᠂ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠨᠡᠭᠦᠷᠡᠰᠦ ᠰᠢᠲᠠᠭᠠᠬᠤ ᠭᠦᠸᠧᠯᠦ ᠶᠢ ᠬᠡᠲᠦ ᠳᠣᠤᠷ᠎ᠠ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠤᠨ᠎ᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号