| 7 ᠰᠠᠷ᠎ᠠ ᠶᠢᠨ 15 ᠤ ᠡᠳᠦᠷ᠂ ᠤᠯᠠᠭᠠᠨᠬᠠᠳᠠ ᠰᠤᠮᠤ ᠦᠨᠳᠦᠰᠦᠲᠡᠨ ᠤ ᠣᠨᠣᠯ ᠪᠠ ᠲᠥᠷᠥ ᠶᠢᠨ | ᠪᠣᠳᠣᠯᠭ᠎ᠠ ᠶᠢᠨ ᠲᠣᠬᠠᠢ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ | ᠤᠬᠠᠭᠤᠯᠤᠨ ᠲᠠᠶᠢᠯᠪᠤᠷᠢᠯᠠᠭᠴᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠡᠯ᠎ᠡ ᠭᠠᠴᠠᠭᠠᠨ ᠤ ᠱᠦᠵᠢ ᠪᠣᠯᠤᠨ | ᠲᠣᠰᠬᠤᠨ ᠤ ᠠᠷᠠᠳ ᠤᠨ ᠲᠥᠯᠥᠭᠡᠯᠡᠭᠴᠢᠳ ᠲᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠠᠮᠤᠭ ᠤᠨ | ᠥᠷᠭᠡᠨ ᠳᠡᠯᠭᠡᠷ ᠬᠦᠴᠦᠨ ᠴᠢᠳᠠᠯ ᠤᠨ ᠲᠤᠯᠭᠠᠭᠤᠷᠢᠯᠠᠯ ᠬᠠᠩᠭᠠᠪᠠ᠃ |