ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠬᠢᠨ ᠵᠠᠷᠤᠳ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/17
       7 ᠰᠠᠷ᠎ᠠ ᠶᠢᠨ 15 ᠤ ᠡᠳᠦᠷ᠂ ᠲᠦᠩᠯᠢᠶᠣᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠶᠤᠸᠠᠢ ᠶᠢᠩ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦ ᠮᠠᠯ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ᠂ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠵᠠᠷᠢᠮ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠷᠣᠯᠴᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠪᠠᠭᠠᠲᠤ ᠰᠤᠮᠤ ᠶᠢᠨ ᠴᠢᠪᠠᠭᠠᠲᠤ ᠭᠠᠴᠠᠭ᠎ᠠ᠂ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ᠂ ᠪᠠᠶᠠᠷᠳᠤᠬᠤᠰᠢᠭᠤ ᠪᠠᠯᠭᠠᠰᠤᠨ ᠤ ᠪᠠᠷᠢᠮᠲᠠ ᠬᠠᠮᠢᠶᠠᠷᠤᠨ ᠬᠠᠮᠠᠭᠠᠯᠠᠬᠤ ᠥᠷᠲᠡᠭᠡ ᠵᠡᠷᠭᠡ ᠭᠠᠵᠠᠷ ᠲᠤ ᠬᠦᠷᠴᠦ᠂ ᠠᠬᠤᠢ ᠲᠠᠯᠠᠪᠠᠢ ᠳᠤ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ︽ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠳᠠᠭᠠᠭᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠲᠤᠰᠬᠠᠶ ᠠᠩᠭᠢ ᠶᠢᠨ ᠠᠵᠢᠯ ᠪᠠ ᠬᠠᠮᠢᠶᠠᠷᠤᠨ ᠬᠠᠮᠠᠭᠠᠯᠠᠬᠤ ᠥᠷᠲᠡᠭᠡ ᠶᠢᠨ ᠠᠵᠢᠯᠯᠠᠭᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃    ᠳᠠᠷᠠᠭ᠎ᠠ ᠨᠢ ᠰᠠᠭᠤᠳᠠᠯ ᠤᠨ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ︽ᠲᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠪᠠ ︽ᠲᠦᠷᠢᠮ︾ ᠢ ᠤᠯᠠᠮ ᠨᠢᠭᠡ ᠠᠯᠬᠤᠮ ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠲᠠᠯ᠎ᠠ ᠪᠠᠷ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠬᠤ ᠪᠣᠯ ᠮᠠᠨ ᠤ ᠤᠯᠤᠰ ᠤᠨ ᠨᠤᠲᠤᠭ ᠪᠡᠯᠴᠢᠭᠡᠷ ᠢ ᠬᠠᠮᠠᠭᠠᠯᠠᠬᠤ ᠴᠢᠬᠤᠯᠠ ᠲᠦᠷᠢᠮ ᠮᠥᠨ᠂ ᠨᠤᠲᠤᠭ ᠪᠡᠯᠴᠢᠭᠡᠷ ᠤᠨ ᠠᠮᠢ ᠠᠬᠤᠶ ᠶᠢ ᠪᠦᠲᠦᠮᠵᠢᠲᠡᠶ ᠰᠡᠷᠭᠦᠭᠡᠬᠦ ᠪᠠ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠴᠢᠬᠤᠯᠠ ᠪᠠᠲᠤᠯᠠᠭ᠎ᠠ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠢᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ︽ᠲᠦᠷᠢᠮ︾ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ︽ᠲᠦᠷᠢᠮ︾ ᠢ ᠵᠢᠷᠤᠮᠯᠠᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠲᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠲᠦᠷᠢᠮ︾ ᠤᠨ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠳᠤᠮᠳᠠ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠲᠣᠭᠲᠠᠭᠠᠯ ᠠᠴᠠ ᠵᠥᠷᠢᠴᠡᠨ ᠮᠠᠯ  ᠮᠠᠯᠵᠢᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠪᠡᠰᠦ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠰᠠᠶᠢᠲᠤᠷ ᠬᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号