ᠵᠠᠷᠤᠳ ᠬᠤᠰᠢᠭᠤ ︽ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠦᠯᠬᠦᠮᠳᠡᠯ ᠤᠨ ᠰᠦᠭ ᠰᠦᠨᠡᠰᠦ ᠶᠢ ᠪᠠᠲᠤᠳᠬᠠᠬᠤ︾ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/18
      ᠣᠶᠢᠷ᠎ᠠ ᠳᠤ᠂ ᠬᠤᠰᠢᠭᠤᠨ ᠤ ᠡᠪᠯᠡᠯ ᠤᠨ ᠬᠤᠷᠢᠶ᠎ᠠ ᠬᠢᠨ ᠱᠧᠨ ᠵᠢᠶᠦ᠋ᠨ ᠮᠣᠷᠢᠨ ᠬᠤᠭᠤᠷ ᠤᠨ ᠰᠤᠷᠭᠠᠭᠤᠯᠢ ᠳᠤ ︽ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠦᠯᠬᠦᠮᠳᠡᠯ ᠤᠨ ᠰᠦᠭ ᠰᠦᠨᠡᠰᠦ ᠶᠢ ᠪᠠᠲᠤᠳᠬᠠᠬᠤ︾ ᠵᠠᠯᠠᠭᠤᠴᠤᠳ ᠪᠠᠭᠠᠴᠤᠳ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠲᠠᠯ᠎ᠠ ᠨᠤᠲᠤᠭ ᠤᠨ ᠠᠨᠠᠷ ᠤᠨ ᠦᠷ᠎ᠡ ︽ᠵᠠᠯᠠᠭᠤ︾ ᠮᠣᠷᠢᠲᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠣᠯ ᠰᠡᠳᠦᠪ ᠪᠣᠯᠭᠠᠨ ᠤᠯᠠᠨ ᠳᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠢᠴᠢᠶᠡᠯ ᠣᠷᠣᠵᠤ᠂ ᠨᠠᠷᠢᠨ  ᠲᠤᠳᠤᠷᠬᠠᠢ᠂ ᠦᠵᠡᠮᠤᠷᠢᠳᠤ ᠲᠡᠦᠬᠡ ᠶᠢᠨ ᠮᠠᠲ᠋ᠧᠷᠢᠶᠠᠯ ᠪᠣᠯᠤᠨ ᠪᠣᠳᠠᠲᠤ ᠵᠢᠱᠢᠶ᠎ᠡ ᠪᠠᠷ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠲᠠᠶᠢᠯᠪᠤᠷᠢᠯᠠᠵᠤ᠂ ᠥᠪᠥᠷ ᠮᠣᠩᠭᠤᠯ ᠤᠨ ᠭᠠᠵᠠᠷ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠴᠥᠬᠦᠷᠡᠰᠢ ᠦᠭᠡᠢ ᠲᠡᠮᠡᠴᠡᠭᠰᠡᠨ ᠲᠡᠦᠬᠡ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ ᠶᠠᠷᠢᠪᠠ᠃        
微信图片_20240718100212.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号