7 ᠰᠠᠷ᠎ᠠ ᠶᠢᠨ 16 ᠤ ᠡᠳᠦᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠠᠨᠲᠠᠯ᠎ᠠ ᠰᠤᠮᠤ ᠳᠤ ᠭᠦᠨᠵᠡᠭᠡᠶᠢᠷᠡᠨ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠪᠠ᠃ | | | | | ᠬᠢᠨᠠᠨ ᠵᠢᠯᠣᠭᠤᠳᠬᠤ ᠳᠤᠭᠤᠶᠢᠯᠠᠩ ᠬᠢᠨ ︽ᠰᠣᠨᠣᠰᠬᠤ᠂ ᠦᠵᠡᠬᠦ᠂ ᠪᠠᠶᠢᠴᠠᠭᠠᠬᠤ᠂ ᠪᠠᠶᠢᠴᠠᠭᠠᠬᠤ︾ ᠶᠢ | ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠡᠩ ᠲᠡᠷᠢᠭᠦᠨ ᠳᠤ ᠪᠠᠶᠠᠨᠲᠠᠯ᠎ᠠ ᠰᠤᠮᠤ ᠶᠢᠨ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠰᠤᠮᠤᠨ ᠤ | ᠨᠠᠮ ᠤᠨ ᠬᠤᠷᠢᠶ᠎ᠠ ᠶᠢᠨ ︽ᠪᠦᠯᠦᠭᠯᠡᠨ ᠢᠯᠵᠠᠷᠠᠬᠤ︾ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ | ᠪᠠᠶᠢᠷᠢᠯᠠᠭᠤᠯᠤᠨ ᠠᠬᠢᠭᠤᠯᠬᠤ᠂ ᠠᠰᠠᠭᠤᠳᠠᠯ ᠢ ᠪᠠᠶᠢᠴᠠᠭᠠᠨ ᠳᠡᠯᠭᠡᠬᠦ ᠵᠢᠴᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠣᠶᠢᠯᠠᠭᠠᠪᠠ᠃ ᠲᠠᠷᠠᠭ᠎ᠠ ᠨᠢ᠂ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠰᠤᠮᠤᠨ ᠤ ᠬᠠᠷᠢᠶ᠎ᠠ ᠣᠷᠣᠨ ᠤ ᠪᠠᠭ᠎ᠠ | ᠪᠠᠶᠠᠨᠲᠠᠯ᠎ᠠ ᠲᠣᠰᠬᠤᠨ ᠪᠣᠯᠤᠨ ᠪᠠᠷᠠᠭᠤᠨ ᠪᠠᠶᠠᠨᠲᠠᠯ᠎ᠠ ᠲᠣᠰᠬᠤᠨ ᠳᠤ ᠭᠦᠨᠵᠡᠭᠡᠶᠢᠷᠡᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠴᠠᠬᠢᠯᠭᠠᠨ ᠮᠠᠰᠢᠨ ᠬᠤᠳᠳᠤᠭ ᠤᠨ ᠬᠠᠮᠠᠭᠠᠯᠠᠯᠲᠠ᠂ ᠲᠦᠭᠡᠭᠡᠯ | ᠤᠰᠤᠨ ᠤ ᠬᠠᠩᠭᠠᠯᠭ᠎ᠠ ᠵᠢᠴᠢ ᠬᠥᠳᠡᠭᠡ ᠲᠣᠰᠬᠤᠨ ᠤ ᠰᠤᠷᠭᠠᠭᠤᠯᠢ ᠶᠢ ᠬᠠᠰᠤᠵᠤ ᠨᠡᠶᠢᠯᠡᠭᠦᠯᠦᠭᠰᠡᠨ ᠤ ᠳᠠᠷᠠᠭᠠᠬᠢ | ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠠᠬᠤᠢ ᠭᠠᠵᠠᠷ ᠲᠤᠨᠢ ᠪᠠᠶᠢᠴᠠᠭᠠᠨ ᠦᠵᠡᠪᠡ᠃ | | | | | ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠣᠳᠣᠬᠠᠨ ᠤ ᠪᠠᠶᠢᠳᠠᠯ ᠢ | ᠰᠡᠷᠭᠡᠭ ᠢᠶᠠᠷ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠪᠤᠳᠤᠯ ᠢᠶᠠᠨ ᠦᠨᠡᠨ ᠬᠦ ᠴᠢᠩᠭᠠᠳᠬᠠᠬᠤ | ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠤᠨ ᠬᠦᠨᠳᠦ | ᠨᠣᠴᠢᠲᠠᠢ ᠴᠢᠨᠠᠷ ᠪᠣᠯᠤᠨ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠨ ᠠᠳᠬᠤᠵᠤ᠂ ᠨᠡᠩ ᠡᠷᠡᠰ ᠪᠠᠲᠤ ᠵᠣᠷᠢᠭ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ | ᠂ ᠭᠤᠣᠯᠳᠠᠯᠭ᠎ᠠ ᠲᠠᠢ ᠬᠦᠷᠢᠶ᠎ᠡ ᠪᠣᠯᠤᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠴᠠᠳᠠᠢ | ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠷᠠᠯᠲᠠ ᠲᠠᠢ ᠪᠠᠷ ᠬᠦᠴᠦᠯᠡᠬᠦ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠶᠢᠨ ᠲᠣᠭᠤᠷᠢᠨ ᠳᠤ᠂ ︽ | ᠪᠢᠴᠢᠯ ᠢᠯᠵᠠᠷᠠᠯ︾᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠵᠡᠷᠭᠡ ᠠᠰᠠᠭᠤᠳᠠᠯ ᠢ ᠴᠢᠩᠭ᠎ᠠ | ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠠᠰᠠᠭᠤᠳᠠᠯ ᠤᠨ ᠰᠦᠪᠡᠭᠴᠢ ᠶᠢᠨ ᠢᠷᠡᠯᠲᠡ ᠶᠢ ᠥᠷᠭᠡᠳᠬᠡᠵᠦ᠂ ᠤᠯᠠᠨ | ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠬᠡᠷᠡᠭᠳᠠᠢ᠃ ᠬᠢᠨᠠᠯᠲᠠ ᠲᠠᠯᠪᠢᠬᠤ ᠨᠡᠪᠲᠡᠷᠡᠭᠦᠯᠬᠦ | ᠲᠠᠪᠴᠠᠩ᠂ 12345 ᠬᠠᠯᠠᠮ ᠤᠲᠠᠰᠤ ᠵᠡᠷᠭᠡ ᠠᠷᠭ᠎ᠠ ᠵᠠᠮ ᠢ ᠭᠦᠢᠴᠡᠳ ᠠᠰᠢᠭᠯᠠᠵᠤ᠂ ᠤᠯᠠᠨ ᠲᠦᠮᠡᠨ ᠤ | ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠲᠦᠷᠭᠡᠨ ᠬᠢᠨᠠᠨ ᠪᠠᠶᠢᠴᠠᠭᠠᠵᠤ᠂ ᠴᠠᠭ ᠲᠤᠬᠠᠢ ᠳᠤᠨᠢ | ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠪᠡ᠃ |