ᠵᠠᠷᠤᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/7/19
        7 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠡ᠃ ᠯᠢᠦ ᠶᠦᠩ᠂ ᠯᠢᠦ ᠰᠢ ᠯᠢᠨ᠂ ᠮᠦ ᠲᠢᠶᠧ ᠮᠢᠨ᠂ ᠰᠦᠸᠧ ᠮᠢᠩ ᠢᠦᠢ᠂ ᠦ᠋ ᠫᠧᠩ ᠹᠸᠢ᠂ ᠢᠦᠢ ᠯᠢᠩ ᠬᠤᠤ ᠵᠡᠷᠭᠡ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ ᠪᠠ ᠭᠠᠴᠠᠭ᠎ᠠ ᠲᠣᠰᠬᠤᠨ ᠤ ᠬᠠᠷᠢᠭᠤᠴᠠᠯᠭᠠᠲᠠᠨ ᠨᠡᠶᠢᠲᠡ 200 ᠭᠠᠷᠤᠶ ᠬᠦᠮᠦᠰ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠬᠤᠷᠠᠯ ᠡᠷᠭᠢᠯᠡᠪᠡ᠃     ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢᠦ ᠹᠦ᠋ ᠶᠢᠩ ᠫᠷᠤᠹᠧᠰᠰᠤᠷ ᠢ ᠤᠷᠢᠵᠤ ᠬᠢᠴᠢᠶᠡᠯ ᠣᠷᠣᠭᠤᠯᠪᠠ᠂ ᠲᠡᠷᠡ ︽ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠨᠠᠮ ᠪᠠ ᠤᠯᠤᠰ ᠤᠨ ᠠᠵᠢᠯ ᠤᠨ ᠪᠥᠬᠦ ᠲᠠᠯ᠎ᠠ ᠳᠠᠬᠢ ᠴᠢᠬᠤᠯᠠ ᠴᠢᠨᠠᠷ᠂ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠭᠤᠤᠯ ᠠᠭᠤᠯᠭ᠎ᠠ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠬᠡᠳᠦᠨ ᠲᠠᠯ᠎ᠠ ᠶᠢᠨ ᠰᠠᠨᠠᠭᠤᠯᠭ᠎ᠠ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠱᠠᠰᠢᠨ ᠰᠤᠷᠲᠠᠬᠤᠨ ᠤ ᠠᠵᠢᠯ ᠤᠨ ᠭᠤᠤᠯᠳᠠᠯᠭ᠎ᠠ ᠪᠠ ᠬᠠᠯᠠᠮ ᠴᠡᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠳᠣᠬᠠᠨ ᠤ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠢ ᠪᠤᠰᠤᠳᠴᠢ ᠪᠠᠷ ᠭᠦᠨᠵᠡᠭᠡᠶ ᠵᠠᠳᠠᠯᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠣᠨᠣᠯᠴᠢ ᠴᠢᠨᠠᠷ᠂ ᠦᠢᠯᠡᠳᠦᠯᠭᠡᠲᠦ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠵᠠᠷᠤᠳ ᠬᠤᠰᠢᠭᠤᠨ ᠤ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠣᠨᠣᠯ ᠤᠨ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠪᠤᠳᠤᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠱᠠᠰᠢᠨ ᠰᠤᠷᠲᠠᠬᠤᠨ ᠤ ᠬᠦᠷᠢᠶ᠎ᠡ ᠴᠠᠷ᠎ᠠ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠶ᠃ ᠪᠥᠬᠦ ᠬᠤᠰᠢᠭᠤᠨ ᠤ ᠱᠠᠰᠢᠨ ᠰᠤᠷᠲᠠᠬᠤᠨ ᠤ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠬᠤ ᠶᠢ ᠬᠥᠲᠥᠯᠦᠨ ᠵᠢᠯᠣᠭᠤᠳᠬᠤ ᠪᠠ ᠳᠡᠮᠵᠢᠵᠦ᠂ ᠱᠠᠰᠢᠨ ᠰᠤᠷᠲᠠᠬᠤᠨ ᠤ ᠡᠲᠡᠭᠡᠳ ᠤᠨ ᠬᠢᠨ ᠪᠠ ᠱᠠᠰᠢᠨ ᠰᠢᠲᠦᠳᠡᠭ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃ ᠢᠨᠲ᠋ᠧᠷ ᠰᠦᠯᠵᠢᠶᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠱᠠᠰᠢᠨ ᠰᠤᠷᠲᠠᠬᠤᠨ ᠤ ᠡᠲᠡᠭᠡᠳ ᠤᠨ ᠬᠢᠨ ᠪᠦᠬᠦ ᠲᠠᠯ᠎ᠠ ᠪᠠᠷ ᠴᠢᠩᠭ᠎ᠠ ᠵᠠᠰᠠᠵᠤ᠂ ᠥᠪᠡᠷ ᠢ ᠪᠠᠨ ᠬᠥᠮᠦᠵᠢᠭᠦᠯᠵᠦ᠂ ᠥᠪᠡᠷ ᠢ ᠪᠠᠨ ᠬᠠᠮᠢᠶᠠᠷᠴᠤ᠂ ᠥᠪᠡᠷ ᠢ ᠪᠠᠨ ᠬᠢᠵᠠᠭᠠᠷᠯᠠᠬᠤ ᠬᠡᠷᠡᠭᠲᠡᠢ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠲᠣᠭᠲᠠᠭᠠᠯ ᠤᠨ ᠵᠥᠪᠰᠢᠶᠡᠷᠡᠬᠦ ᠬᠡᠪᠴᠢᠶᠡᠨ ᠳᠣᠲᠣᠷ᠎ᠠ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠶ ᠬᠡᠵᠦ ᠵᠢᠭᠠᠪᠣᠷᠢᠯᠠᠪᠠ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠪᠥᠬᠦ ᠤᠯᠤᠰ ᠪᠦᠬᠦ ᠣᠷᠣᠨ ᠪᠥᠬᠦ ᠬᠤᠲᠠ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠦᠨᠳᠦᠰᠦᠲᠡᠨ ᠤ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ 4 ᠵᠦᠢᠯ ᠤᠨ ᠠᠭᠤᠯᠭ᠎ᠠ ᠶᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠪᠠ ᠺᠠᠳ᠋ᠷ ᠤᠨ ᠪᠣᠯᠪᠠᠰᠤᠷᠠᠭᠤᠯᠤᠯ ᠡᠭᠡᠯᠵᠢᠯᠡᠨ ᠪᠣᠯᠪᠠᠰᠣᠷᠠᠭᠤᠯᠣᠯ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠱᠠᠰᠢᠨ ᠰᠤᠷᠲᠠᠬᠤᠨ ᠤ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ ᠱᠠᠰᠢᠨ ᠰᠤᠷᠲᠠᠬᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ︽ᠭᠤᠷᠪᠠᠨ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠵᠠᠰᠠᠭ ᠤᠨ ᠺᠠᠳ᠋ᠷ ᠤᠨ ᠡᠩᠨᠡᠭᠡ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ᠂ ᠱᠠᠰᠢᠨ ᠰᠤᠷᠲᠠᠬᠤᠨ ᠤ ᠰᠤᠳᠤᠯᠭᠠᠨ ᠤ ᠡᠩᠨᠡᠭᠡ ᠶᠢ ᠰᠠᠶᠢᠲᠤᠷ ᠬᠥᠮᠦᠵᠢᠭᠦᠯᠵᠦ᠂ ᠱᠠᠰᠢᠨ ᠰᠤᠷᠲᠠᠬᠤᠨ ᠤ ᠠᠵᠢᠯ ᠢ ᠬᠦᠳᠦᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠡᠶ᠎ᠡ ᠵᠣᠬᠢᠴᠠᠩᠭᠤᠢ᠂ ᠦᠨᠳᠦᠰᠦᠲᠡᠨ ᠤ ᠪᠦᠯᠬᠦᠮᠳᠡᠯ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠴᠢᠷᠮᠠᠶᠢᠨ ᠦᠢᠯᠡᠴᠢᠯᠡᠭᠡᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠱᠠᠰᠢᠨ ᠰᠤᠷᠲᠠᠬᠤᠨ ᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠰᠢᠨ ᠰᠤᠷᠲᠠᠬᠤᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠬᠤ ᠬᠡᠷᠡᠭᠲᠡᠢ᠃ ᠥᠷᠭᠡᠨ ᠣᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠮᠢᠶᠠᠷᠬᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠴᠡᠭᠴᠡᠯᠡᠨ ᠵᠠᠰᠠᠬᠤ ᠳᠣᠮᠳᠠᠬᠢ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠭᠤᠷᠪᠠᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠣᠷ ᠪᠠ ᠬᠤᠶᠠᠷ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠦᠨᠳᠦᠰᠦᠨ ᠱᠠᠲᠤᠨ ᠤ ᠳᠣᠣᠷᠵᠢᠯ ᠤᠨ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ᠂ ᠱᠠᠰᠢᠨ ᠰᠤᠷᠲᠠᠬᠤᠨ ᠤ ᠨᠡᠪᠴᠢᠯᠲᠡ ᠪᠠ ᠡᠮᠬᠢ ᠵᠢᠷᠤᠮ ᠦᠭᠡᠢ ᠬᠥᠭᠵᠢᠯᠲᠡ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠨᠳᠦᠰᠦᠨ ᠱᠠᠲᠤᠨ ᠤ ᠦᠵᠡᠯ ᠰᠠᠨᠠᠭ᠎ᠠ ᠶᠣᠰᠣ ᠰᠤᠷᠲᠠᠬᠤᠨ ᠪᠠ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠮᠤᠬᠤᠷ ᠪᠢᠰᠢᠷᠡᠯ ᠢ ᠡᠰᠡᠷᠭᠦᠴᠡᠬᠦ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号