ᠵᠢᠷᠦᠬᠡ ᠪᠠᠯᠭᠠᠰᠤ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠶᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/22
      ᠣᠶᠢᠷ᠎ᠠ ᠳᠤ᠂ ᠵᠢᠷᠦᠬᠡ ᠪᠠᠯᠭᠠᠰᠤ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠶᠢᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ᠂ ᠬᠦᠳᠡᠭᠡ ᠲᠣᠰᠬᠤᠨ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠠᠵᠢᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠲᠠᠪᠣᠷᠢᠵᠢᠭᠤᠯᠣᠨ ᠦᠷᠨᠢᠭᠦᠯᠵᠦ᠂ ᠬᠠᠷᠠᠯᠲᠠ ᠶᠢ ᠴᠢᠩᠭ᠎ᠠ ᠠᠩᠬᠠᠷᠴᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠣᠳᠠᠲᠠᠶ ᠬᠦᠴᠢᠷᠳᠡᠯ ᠢ ᠭᠦᠨᠵᠡᠭᠡᠶ ᠵᠠᠳᠠᠯᠵᠤ᠂ ᠠᠵᠢᠯ ᠢᠶᠠᠨ ᠲᠡᠷᠡ ᠶᠣᠰᠣᠭᠠᠷ ᠨᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ︽ᠬᠦᠷᠦᠩᠭᠡ ︾ ᠪᠠᠨ ᠲᠣᠳᠣᠷᠬᠠᠢ ᠲᠠᠨᠢᠵᠤ᠂ ᠰᠤᠯᠠ ᠪᠠᠶᠢᠭ᠎ᠠ ᠡᠳ᠋ ᠬᠦᠷᠦᠩᠭᠡ᠂ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠨᠡᠶᠢᠭᠡᠮ ᠤᠨ ᠪᠡᠯᠡ ᠮᠥᠩᠭᠦ᠂ ᠤᠨᠴᠠᠯᠢᠬᠳᠤ ᠠᠵᠤ ᠦᠢᠯᠡᠰ᠂ ᠨᠤᠲᠤᠭ ᠤᠨ ᠮᠡᠷᠭᠡᠳ ᠤᠨ ᠡᠬᠢ ᠪᠠᠶᠠᠯᠢᠭ ᠢᠶᠠᠷ ᠳᠠᠮᠵᠢᠭᠤᠯᠤᠨ ᠰᠢᠨ᠎ᠡ ᠬᠡᠯᠪᠡᠷᠢ ᠶᠢᠨ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠬᠡᠷᠡᠭᠲᠡᠢ᠃ ᠪᠤᠰᠤᠳ ᠲᠣᠰᠬᠤᠨ ᠤ ᠬᠠᠮᠲᠤ ᠨᠡᠶᠢᠲᠡ ᠶᠢ ᠰᠤᠷᠤᠯᠴᠠᠨ ᠲᠣᠯᠢᠯᠠᠵᠤ᠂ ᠰᠢᠨ᠎ᠡ ᠠᠷᠭ᠎ᠠ ᠵᠠᠮ᠂ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号