ᠵᠠᠷᠤᠳ ᠬᠤᠰᠢᠭᠤ ᠰᠢᠲᠠᠮᠠᠬᠠᠶ ᠬᠡᠶ ᠶᠢᠨ ᠬᠦᠷᠢᠶ᠎ᠡ ᠴᠠᠷ᠎ᠠ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/22
    7 ᠰᠠᠷ᠎ᠠ ᠶᠢᠨ 19 ᠤ ᠡᠳᠦᠷ᠂ ᠵᠠᠷᠣᠳ ᠬᠤᠰᠢᠭᠤ ᠰᠢᠲᠠᠮᠠᠬᠠᠢ ᠬᠡᠢ ᠶᠢᠨ ᠬᠦᠷᠢᠶ᠎ᠡ ᠴᠠᠷ᠎ᠠ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠡᠷᠬᠢᠯᠡᠵᠦ ᠶᠠᠷᠢᠶ᠎ᠠ ᠲᠠᠯᠪᠢᠪᠠ᠂ ᠬᠤᠰᠢᠭᠤᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠶᠢᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ︽ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ︔ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ︽ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢᠨ ᠲᠤᠬᠠᠢ ᠪᠣᠯᠪᠠᠰᠤᠷᠠᠯ ᠰᠤᠷᠤᠯᠴᠠᠯᠭ᠎ᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠵᠠᠩ ᠯᠢ ᠭᠦᠸᠧ ᠱᠠᠭᠠᠷᠳᠠᠭᠰᠠᠨ ᠨᠢ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠵᠠᠷᠤᠳ ᠬᠤᠰᠢᠭᠤᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠵᠠᠰᠠᠯᠲᠠ ᠶᠢ ᠬᠡᠷᠡᠭᠵᠢᠭᠦᠯᠬᠦ ᠲᠥᠰᠦᠯ︾ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ︽ᠵᠠᠷᠤᠳ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 - 2026 ᠣᠨ︶︾ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠲᠠᠯᠠᠪᠤᠷ ᠭᠠᠵᠠᠷ᠂ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠶᠢᠰᠦᠨ ᠵᠢᠵᠢᠭ︾ ᠲᠠᠯᠠᠪᠤᠷ ᠭᠠᠵᠠᠷ᠂  ᠬᠤᠳᠠᠯᠳᠤᠭ᠎ᠠ ᠪᠠ ᠣᠷᠣᠨ ᠰᠠᠭᠤᠴᠠ ᠬᠤᠯᠢᠯᠳᠣᠭᠰᠠᠨ ᠠᠰᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠦᠷᠯᠦᠭᠡ ᠶᠢᠨ ᠬᠤᠳᠠᠯᠳᠤᠭ᠎ᠠ᠂ ᠰᠥᠨᠢ ᠶᠢᠨ ᠬᠤᠳᠠᠯᠳᠤᠭ᠎ᠠ᠂ ᠰᠢᠷᠠᠯᠭ᠎ᠠ ᠶᠢᠨ ᠳᠡᠯᠭᠡᠭᠦᠷ᠂ ᠨᠡᠭᠦᠳᠡᠯ ᠬᠤᠭᠤᠯᠠᠨ ᠲᠡᠷᠭᠡ ᠵᠡᠷᠭᠡ ᠬᠥᠮᠦᠨ ᠣᠯᠠᠨ ᠲᠥᠪᠯᠡᠷᠡᠭᠰᠡᠨ ᠲᠠᠯᠠᠪᠤᠷ ᠭᠠᠵᠠᠷ ᠤᠨ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠢ ᠴᠢᠩᠭ᠎ᠠ ᠠᠩᠬᠠᠷᠴᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠢ᠃ ᠰᠢᠲᠠᠮᠠᠬᠠᠶ ᠬᠡᠶ ᠶᠢᠨ ᠡᠵᠡᠩᠨᠡᠯᠲᠡ ᠶᠢᠨ ᠬᠦᠷᠢᠶ᠎ᠡ ᠴᠠᠷ᠎ᠠ ᠳᠠᠬᠢ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ᠂ ᠳᠣᠭᠢᠷᠠᠭᠤᠯᠤᠨ ᠬᠦᠷᠭᠡᠬᠦ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ᠂ ᠡᠷᠦᠬᠡ ᠳᠤ ᠳᠣᠭᠢᠷᠠᠭᠤᠯᠤᠨ ᠬᠦᠷᠭᠡᠬᠦ ᠪᠠ  ᠣᠭᠰᠠᠷᠠᠬᠤ ᠶᠢᠨ ᠳᠠᠭᠠᠣ ᠡᠷᠦᠬᠡ ᠳᠤ ᠣᠷᠣᠵᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠬᠦ ᠬᠡᠷᠡᠭᠲᠡᠶ︔ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠬᠢᠨ ᠵᠠᠬ᠎ᠠ ᠳᠡᠯᠭᠡᠭᠦᠷ ᠤᠨ ᠭᠦᠢᠯᠭᠡᠭᠡᠨ ᠤ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠦᠭᠡᠢ ᠠᠰᠠᠭᠤᠳᠠᠯ ᠲᠠᠢ ᠯᠤᠩᠬᠤ᠂ ᠵᠤᠤᠬ᠎ᠠ᠂ ᠨᠡᠬᠡᠯᠡᠬᠡᠶ᠂ ᠬᠤᠭᠤᠯᠠᠢ ᠵᠡᠷᠭᠡ ᠪᠠᠭᠠᠵᠢ ᠬᠡᠷᠡᠭᠰᠡᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠬᠢ ᠡᠭᠦᠰᠦᠯ ᠢ ᠨᠢ ᠡᠷᠢᠬᠦ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ ᠭᠡᠪᠡ᠃    ᠵᠠᠩ ᠯᠢ ᠭᠦᠸᠧ ᠴᠢᠬᠤᠯᠠᠴᠢᠯᠠᠭᠰᠠᠨ ᠨᠢ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠠᠵᠢᠯ ᠲᠥᠷᠥᠯ ᠡᠯ᠎ᠡ ᠰᠠᠯᠠᠭ᠎ᠠ ᠮᠥᠴᠢᠷ ᠬᠢᠨ ᠶᠡᠷᠦᠩᠬᠡᠶ ᠱᠦᠵᠢ ᠰᠢ ᠶᠢᠨ ᠫᠢᠩ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠯᠪᠣᠭᠳᠠᠯ ᠪᠥᠬᠦᠶ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠲᠠᠶᠢᠪᠣᠰᠢᠷᠠᠬᠤ ᠪᠤᠳᠤᠯ᠂ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ︽ᠴᠠᠭ ᠢᠮᠠᠭᠲᠠ ᠰᠠᠨᠠᠭᠠᠰᠢᠷᠠᠭᠠᠳ ᠪᠠᠶᠢᠳᠠᠭ︾ ᠬᠠᠷᠢᠭᠤᠴᠠᠯᠭᠠᠲᠤ ᠰᠡᠳᠬᠢᠯᠭᠡ ᠪᠠᠷ ᠰᠢᠲᠠᠮᠠᠬᠠᠶ ᠬᠡᠶ ᠶᠢᠨ ᠬᠦᠷᠢᠶ᠎ᠡ ᠴᠠᠷ᠎ᠠ ᠳᠠᠬᠢ ᠠᠶᠣᠯᠭᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ᠰᠢᠲᠠᠮᠠᠬᠠᠶ ᠬᠡᠶ ᠶᠢᠨ ᠲᠤᠰᠬᠠᠶ ᠠᠩᠭᠢ ᠶᠢᠨ ᠪᠦᠷᠢᠯᠳᠦᠬᠦᠨ ᠨᠢᠭᠡᠴᠡ ᠬᠢᠨ ᠲᠣᠰ ᠠᠵᠢᠯ ᠲᠥᠷᠥᠯ ᠤᠨ ᠬᠦᠢᠷᠢᠶ᠎ᠡ ᠴᠠᠷ᠎ᠠ ᠳᠠᠬᠢ ᠰᠢᠲᠠᠮᠠᠬᠠᠶ ᠬᠡᠶ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠵᠢᠯᠣᠭᠤᠳᠴᠤ᠂ ᠰᠠᠶᠢᠲᠤᠷ ᠬᠢᠨᠠᠯᠲᠠ ᠲᠠᠯᠪᠢᠵᠤ᠂ ᠰᠠᠶᠢᠲᠤᠷ ᠬᠠᠮᠢᠶᠠᠷᠴᠤ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠠᠶᠢᠲᠤᠷ ᠰᠣᠷᠣᠯᠴᠠᠨ ᠬᠡᠷᠡᠭᠯᠡᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠠᠪᠠᠯ ᠪᠠᠶᠢᠴᠠᠭᠠᠬᠤ ᠵᠦᠢᠯ ᠪᠣᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠴᠠᠭᠤᠯᠤᠨ ᠥᠷᠨᠢᠭᠦᠯᠵᠦ᠂ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠢ ᠵᠣᠷᠢᠭᠲᠠᠢ ᠪᠠᠷ ᠦᠨᠡᠨ ᠢ ᠪᠠᠷᠢᠮᠲᠠᠯᠠᠨ ᠪᠣᠲᠠᠲᠠᠢ ᠬᠢᠵᠦ᠂ ᠵᠣᠷᠢᠭᠲᠠᠢ ᠪᠠᠷ ᠴᠢᠩᠭ᠎ᠠ ᠬᠠᠮᠢᠶᠠᠷᠴᠤ ᠬᠦᠨᠳᠦ ᠪᠠᠷ  ᠰᠢᠢᠳᠭᠡᠵᠦ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ᠂ ᠬᠠᠮᠤᠭ ᠤᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠰᠠᠭᠤᠳᠠᠯ ᠢ ᠰᠢᠰᠲ᠋ᠧᠮ ᠲᠠᠢ ᠴᠡᠭᠴᠡᠯᠡᠨ ᠵᠠᠰᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠢᠶᠠᠨ ᠪᠠᠲᠤ ᠰᠠᠬᠢᠬᠤ ᠬᠡᠷᠡᠭᠲᠡᠶ ᠭᠡᠪᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号