7 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠵᠢᠴᠢ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠤ ᠲᠤᠰᠬᠠᠢ ᠰᠡᠳᠦᠪᠲᠦ ᠬᠠᠤᠯᠢ ᠲᠣᠭᠠᠴᠢᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠶᠠᠩ ᠽᠢ ᠴᠢᠶᠠᠩ᠂ | ᠰᠦᠸᠧ ᠮᠢᠩ ᠢᠦᠶ᠂ ᠦ᠋ ᠫᠧᠩ ᠹᠸᠢ᠂ ᠵᠠᠩ ᠶᠦᠩ ᠴᠢᠶᠠᠩ᠂ ᠱᠠᠨ ᠬᠤᠸᠠ ᠴᠢ᠂ ᠮᠦᠩᠭᠦᠨᠬᠤᠸᠠᠷ᠂ ᠲᠤᠩᠭᠠᠯᠠᠭ | ᠂ ᠴᠢᠦᠢ ᠶᠧ ᠬᠤᠩ ᠵᠡᠷᠭᠡ ᠬᠤᠰᠢᠭᠤᠨ ᠤ ᠤᠳᠤᠷᠢᠳᠤᠯᠭ᠎ᠠ᠂ ᠬᠡᠰᠡᠭ ᠰᠤᠮᠤ ᠪᠠᠯᠭᠠᠰᠤ᠂ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠷᠪᠠᠳᠤᠭᠠᠷ ᠦᠨᠳᠦᠰᠦᠨ ᠬᠠᠤᠯᠢ ᠶᠢᠨ | ᠡᠳᠦᠷ ᠤᠨ ᠲᠠᠰᠢᠷᠠᠮ ᠢᠶᠠᠷ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ | ᠤᠳᠤᠷᠢᠳᠬᠤ ᠺᠠᠳ᠋ᠷ ᠤᠨ ᠮᠡᠳᠡᠵᠦ ᠡᠵᠡᠮᠰᠢᠪᠡᠰᠤ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ | ᠤᠯᠤᠰ ᠤᠨ ᠬᠠᠤᠯᠢ ᠴᠠᠭᠠᠵᠠ ᠶᠢᠨ ᠨᠠᠷᠢᠨ ᠲᠠᠩᠰᠠ ᠶᠢᠨ ᠲᠦᠷᠢᠮ ᠢ ᠪᠠᠶᠢᠭᠤᠯᠬᠤ ᠲᠤᠬᠠᠶ ᠰᠠᠨᠠᠯ︾ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ | ᠬᠤᠲᠠ ᠪᠠᠨ ᠵᠠᠰᠠᠬᠤ ᠵᠦᠪᠯᠡᠯ ᠤᠨ ᠳᠣᠯᠣᠳᠤᠭᠠᠷ ᠬᠤᠷᠠᠯ ᠵᠢᠴᠢ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ | ᠲᠤᠰᠬᠠᠶ ᠰᠡᠳᠦᠪᠲᠦ ᠬᠠᠤᠯᠢ ᠲᠣᠭᠠᠴᠢᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | 2023 ᠣᠨ ᠤ ᠪᠥᠬᠦ ᠬᠤᠰᠢᠭᠤᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠠᠷᠤᠳ ᠬᠤᠰᠢᠭᠤᠨ ᠤ ︿ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ | ᠰᠢᠨ᠎ᠡ ᠴᠠᠭ ᠦᠶ᠎ᠡ ᠶᠢᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠶ ᠲᠥᠪ ᠬᠤᠷᠢᠶᠠᠨ ᠤ ᠰᠠᠨᠠᠯ﹀ | ᠢ ᠨᠠᠶᠢᠳᠠᠪᠤᠷᠢᠵᠢᠭᠤᠯᠬᠤ ᠡᠭᠦᠷᠭᠡ ᠠᠷᠭ᠎ᠠ ᠬᠡᠮᠵᠢᠶ᠎ᠡ︾ ᠪᠠ ︽2024 ᠣᠨ ᠤ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠤ ᠵᠠᠷᠢᠮ | ᠰᠢᠭᠤᠳ ᠬᠠᠷᠢᠶ᠎ᠠ ᠰᠠᠯᠠᠭ᠎ᠠ ᠮᠦᠴᠢᠷ ᠪᠠ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ ᠤ ᠬᠠᠤᠯᠢ ᠲᠤᠭᠠᠴᠢᠯᠳᠠ | ᠶᠢᠨ ᠲᠤᠬᠠᠢ ᠮᠡᠳᠡᠭᠦᠯᠤᠯᠳᠡ ᠶᠢ ᠰᠤᠨᠤᠰᠬᠤ ᠶᠢᠨ ᠬᠠᠮᠳᠤ ᠠᠬᠤᠢ ᠲᠠᠯᠠᠪᠠᠢ ᠳᠤ ᠦᠨᠡᠯᠡᠯᠳᠡ ᠬᠢᠪᠡ᠃ | | | | | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ | ᠠᠳᠬᠤᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ | ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠳᠠᠭᠠᠭᠤᠯᠵᠤ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ᠂ ᠪᠦᠬᠦ ᠲᠠᠯ᠎ᠠ ᠪᠠᠷ ᠤᠢᠢᠯᠠᠭᠠᠨ | ᠡᠵᠡᠮᠰᠢᠭᠦᠯᠵᠦ᠂ ᠬᠠᠤᠯᠢᠵᠢᠯ ᠤᠨ ᠪᠠᠶᠢᠭᠤᠯᠤᠯᠲᠠ ᠪᠣᠯᠤᠨ ᠭᠤᠣᠯ ᠠᠵᠢᠯ ᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ | ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠬᠤ ᠶᠢ | ᠪᠠᠷᠢᠮᠲᠠᠯᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢᠶᠠᠷ ᠲᠦᠷᠦᠭᠦᠯᠡᠨ ᠰᠤᠷᠤᠯᠴᠠᠵᠤ᠂ ᠵᠣᠩᠬᠢᠯᠠᠬᠤ ᠤᠯᠠᠨ | ᠲᠣᠭᠠᠨ ᠤ ᠤᠬᠠᠮᠰᠠᠷ ᠠᠴᠠ ᠪᠠᠨ ᠰᠤᠷᠤᠯᠴᠠᠬᠤ ᠶᠢ ᠳᠠᠶᠢᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠶᠢ ᠬᠦᠴᠦᠯᠡᠨ | ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ | ᠬᠥᠭᠵᠢᠯᠲᠡ ᠶᠢᠨ ᠰᠠᠭᠤᠷᠢ ᠶᠢ ᠴᠣᠭᠴᠠᠯᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ | ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ | ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ | ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ | ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠵᠤ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠵᠢᠷᠤᠮᠵᠢᠭᠤᠯᠬᠤ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠬᠦ ᠬᠡᠷᠡᠭᠲᠡᠢ᠃ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ | ᠠᠵᠢᠯ ᠢ ᠠᠬᠢᠭᠤᠯᠬᠤ ᠪᠦᠬᠦᠯᠢ ᠴᠣᠭᠴᠠ ᠶᠢᠨ ᠬᠠᠮᠳᠤᠷᠠᠯ ᠬᠦᠴᠦᠨ ᠢ ᠦᠷᠭᠦᠯᠵᠢᠯᠡᠨ ᠴᠢᠩᠭᠠᠳᠬᠠᠵᠤ᠂ ᠤᠯᠤᠰ | ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ | ᠦᠨᠡᠨᠬᠦ ᠴᠢᠩᠭᠠᠳᠬᠠᠵᠤ᠂ ᠬᠠᠤᠯᠢ ᠪᠠᠷ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ | ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠤᠶᠢᠯᠡ ᠠᠵᠢᠯᠯᠠᠭᠠᠨ ᠤ ᠤᠬᠠᠮᠰᠠᠷ ᠢᠶᠠᠨ | ᠦᠨᠡᠨ ᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠪᠥᠬᠦ ᠲᠠᠯ᠎ᠠ ᠪᠠᠷ | ᠬᠠᠤᠯᠢ ᠪᠠᠷ ᠬᠤᠰᠢᠭᠤ ᠪᠠᠨ ᠵᠠᠰᠠᠬᠤ ᠪᠠ ᠬᠠᠤᠯᠢ ᠪᠠᠷ ᠵᠠᠰᠠᠬᠤ ᠵᠠᠷᠤᠳ ᠤᠨ ᠪᠦᠳᠤᠭᠡᠨ ᠪᠠᠶᠢᠭᠤᠯᠤᠯᠲᠠ ᠳᠤ ᠰᠢᠨ᠎ᠡ | ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ 2023 ᠣᠨ ᠤ ᠵᠠᠷᠤᠳ ᠬᠤᠰᠢᠭᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ | ᠬᠠᠤᠯᠢ ᠲᠤᠭᠠᠴᠢᠯᠳᠠ ᠶᠢᠨ ᠲᠤᠬᠠᠢ ᠮᠡᠳᠡᠭᠦᠯᠦᠯᠲᠡ ᠶᠢᠨ ᠦᠨᠡᠯᠡᠯᠳᠡ ᠵᠢᠴᠢ ᠰᠠᠨᠠᠯ ᠬᠤᠷᠢᠶᠠᠬᠤ ᠬᠦᠰᠦᠨᠦᠭᠲᠦ ᠶᠢ | ᠲᠠᠭᠯᠠᠪᠠ᠃ |