| ᠪᠥᠬᠦ ᠬᠤᠰᠢᠭᠤᠨ ᠤ ᠡᠵᠡᠩᠨᠡᠯᠲᠡ ᠶᠢᠨ ᠡᠮᠬᠢ ᠳᠢᠭᠯᠢᠮ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ | ᠪᠦᠲᠦᠮᠵᠢᠲᠡᠶ ᠴᠡᠭᠴᠡᠯᠡᠨ ᠵᠢᠷᠤᠮᠵᠢᠭᠤᠯᠵᠤ᠂ ᠨᠡᠭᠦᠳᠡᠯ ᠳᠡᠯᠭᠡᠭᠦᠷᠴᠢᠨ ᠤ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ | ᠳᠡᠯᠭᠡᠵᠦ ᠳᠤᠷ᠎ᠠ ᠪᠠᠷ ᠢᠶᠠᠨ ᠲᠠᠯᠪᠢᠬᠤ ᠠᠵᠢᠯᠯᠠᠭ᠎ᠠ ᠳᠤ ᠬᠦᠴᠦᠲᠡᠶ ᠴᠣᠬᠢᠯᠲᠠ ᠦᠭᠴᠦ᠂ ᠢᠳᠡᠭᠡᠨ ᠤ ᠨᠡᠭᠦᠳᠡᠯ | ᠳᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ᠂ | ᠣᠶᠢᠷ᠎ᠠ ᠳᠤ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠯᠦᠪᠸᠢ | ᠪᠠᠯᠭᠠᠰᠤᠨ ᠤ ᠭᠤᠤᠯ ᠬᠤᠲᠠ ᠶᠢᠨ ᠲᠣᠭᠤᠷᠢᠭ ᠢᠶᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠨᠡᠭᠦᠳᠡᠯ | ᠳᠡᠯᠭᠡᠭᠦᠷᠴᠢᠨ ᠢ ᠲᠤᠰᠬᠠᠶ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠠᠴᠠ ᠭᠤᠤᠯ ᠬᠤᠲᠠ ᠶᠢᠨ ᠲᠣᠭᠤᠷᠢᠭ ᠤᠨ ᠭᠤᠤᠯ ᠵᠡᠭᠡᠯᠢ ᠭᠤᠤᠯ ᠵᠠᠮ᠂ | ᠫᠣᠤ ᠲᠠᠢ ᠱᠠᠨ ᠰᠥᠨᠢ ᠶᠢᠨ ᠵᠠᠬ᠎ᠠ ᠳᠡᠯᠭᠡᠭᠦᠷ ᠤᠨ ᠬᠡᠪᠴᠢᠶᠡᠨ ᠳᠣᠲᠣᠷᠠᠬᠢ ᠢᠳᠡᠭᠡᠨ ᠤ ᠨᠡᠭᠦᠳᠡᠯ ᠳᠡᠯᠭᠡᠭᠦᠷᠴᠢᠨ ᠳᠤ | ᠪᠠᠶᠢᠴᠠᠭᠠᠯᠲᠠ ᠬᠢᠵᠦ᠂ ᠳᠡᠯᠭᠡᠭᠦᠷᠴᠢᠨ ᠤ ᠳᠠᠩᠰᠠᠯᠠᠭᠤᠯᠤᠭᠰᠠᠨ ᠪᠠᠶᠢᠳᠠᠯ᠂ ᠠᠵᠢᠯ ᠡᠷᠭᠢᠯᠡᠭᠰᠡᠳ ᠤᠨ ᠡᠷᠡᠭᠦᠯ | ᠮᠡᠨᠳᠦ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠫᠢᠶᠣᠣ ᠪᠠᠷᠢᠮᠲᠠ ᠨᠢ ᠪᠦᠷᠢᠨ | ᠭᠦᠢᠴᠡᠳ ᠪᠠᠶᠢᠬᠤ ᠡᠰᠡᠬᠦ᠂ ᠰᠢᠩᠭᠡᠨᠵᠢᠮᠡᠯ ᠬᠡᠢ ᠶᠢᠨ ᠰᠠᠪᠠ᠂ ᠬᠤᠭᠤᠯᠠᠶ᠂ ᠨᠡᠭᠡᠯᠡᠬᠡᠶ ᠶᠢᠨ ᠶᠠᠰᠤ ᠴᠢᠨᠠᠷ ᠨᠢ ᠬᠢᠷᠢ | ᠲᠡᠩᠴᠡᠭᠰᠡᠨ ᠡᠰᠡᠬᠦ᠂ ᠲᠣᠭᠤᠰᠣ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ᠂ ᠬᠥᠯᠳᠡᠭᠡᠵᠦ ᠬᠠᠳᠠᠭᠠᠯᠠᠬᠤ | ᠪᠡᠯᠡᠳᠬᠡᠮᠵᠢ ᠨᠢ ᠪᠦᠷᠢᠨ ᠪᠠᠶᠢᠬᠤ ᠡᠰᠡᠬᠦ᠂ ᠬᠤᠭᠤᠯᠠᠨ ᠤ ᠪᠠᠭᠠᠵᠢ ᠬᠡᠷᠡᠭᠰᠡᠯ ᠨᠢ ᠠᠷᠢᠭᠤᠳᠬᠠᠭᠰᠠᠨ ᠡᠰᠡᠬᠦ ᠪᠤᠶᠤ | ᠨᠢᠭᠡ ᠯᠡ ᠤᠳᠠᠭ᠎ᠠ ᠬᠡᠷᠡᠭᠯᠡᠬᠦ ᠬᠤᠭᠤᠯᠠᠨ ᠤ ᠪᠠᠭᠠᠵᠢ ᠬᠡᠷᠡᠭᠰᠡᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ | ᠂ ᠡᠭᠦᠨ ᠤ ᠬᠠᠮᠲᠤ ᠳᠡᠯᠭᠡᠭᠡ ᠮᠠᠶᠢᠮᠠᠶ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠠᠵᠢᠯ ᠡᠷᠭᠢᠯᠡᠭᠰᠡᠳ ᠤᠨ | ᠬᠤᠪᠢ ᠬᠥᠮᠦᠨ ᠤ ᠠᠷᠢᠭᠤᠨ ᠴᠡᠪᠡᠷ ᠢ ᠪᠠᠶᠢᠴᠠᠭᠠᠵᠤ᠂ ᠠᠯᠪᠠᠳᠠᠯᠭ᠎ᠠ ᠪᠠᠷ ᠪᠠᠶᠢᠴᠠᠭᠠᠭᠳᠠᠬᠤ ᠪᠠᠭᠠᠵᠢ ᠬᠡᠷᠡᠭᠰᠡᠯ ᠢ | ᠬᠠᠤᠯᠢ ᠶᠣᠰᠣᠭᠠᠷ ᠰᠢᠯᠭᠠᠨ ᠪᠠᠶᠢᠴᠠᠭᠠᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠲᠣᠰ ᠤᠳᠠᠭ᠎ᠠ | ᠨᠡᠶᠢᠲᠡ 130 ᠳᠡᠯᠭᠡᠭᠡ ᠮᠠᠶᠢᠮᠠᠶ ᠶᠢᠨ ᠴᠡᠭ ᠢ ᠵᠢᠭᠰᠠᠭᠠᠨ ᠪᠠᠶᠢᠴᠠᠭᠠᠵᠤ᠂ ᠨᠡᠶᠢᠲᠡ 90 ᠭᠠᠷᠣᠢ ᠬᠠᠤᠯᠢ | ᠬᠡᠷᠡᠭᠵᠢᠭᠦᠯᠬᠦ ᠠᠵᠢᠯᠲᠠᠨ ᠠᠵᠢᠯᠯᠠᠭ᠎ᠠ ᠳᠤ ᠣᠷᠣᠯᠴᠠᠪᠠ᠃ | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ︽ᠪᠠᠶᠢᠴᠠᠭᠠᠬᠤ ᠶᠢᠨ ᠳᠠᠭᠠᠤ ᠴᠡᠭᠴᠡᠯᠡᠬᠦ᠂ | ᠵᠠᠰᠠᠬᠤ︾ ᠠᠷᠭ᠎ᠠ ᠮᠠᠶ᠋ᠢᠭ ᠶᠣᠰᠣᠭᠠᠷ᠂ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠳᠡᠯᠭᠡᠭᠡ ᠮᠠᠶᠢᠮᠠᠶᠢᠴᠢᠨ ᠢ | ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠡᠯ᠎ᠡ ᠳᠡᠯᠭᠡᠭᠡ ᠮᠠᠶᠢᠮᠠᠶᠢᠴᠢᠨ ᠢ ᠡᠳᠦᠷ ᠪᠦᠷᠢ | ᠡᠵᠡᠩᠨᠡᠯᠲᠡ ᠳᠠᠭᠤᠰᠤᠭᠰᠠᠨ ᠤ ᠳᠠᠷᠠᠭ᠎ᠠ᠂ ᠡᠷᠬᠡᠪᠰᠢ ᠳᠡᠯᠭᠡᠭᠡ ᠮᠠᠶᠢᠮᠠᠶ ᠶᠢᠨ ᠣᠷᠴᠢᠨ ᠲᠣᠭᠤᠷᠢᠨ ᠢᠶᠠᠨ | ᠲᠦᠢᠯᠪᠤᠷᠢᠲᠠᠶ ᠴᠡᠪᠡᠷᠯᠡᠵᠦ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠨ᠂ ︽ᠦᠳᠡᠰᠢ ᠶᠢᠨ ᠠᠵᠤ ᠠᠬᠤᠶ︾ | ᠶᠢᠨ ᠡᠷᠡᠭᠦᠯ ᠪᠥᠭᠡᠳ ᠠᠮᠤᠷ ᠲᠦᠪᠰᠢᠨ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ | |