ᠵᠠᠷᠤᠳ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠡᠬᠢᠯᠡᠭᠦᠯᠬᠦ ᠬᠤᠷᠠᠯ ᠬᠢᠪᠡ
ᠨᠡᠶᠢᠲᠡᠯᠡᠭᠰᠡᠨ ᠴᠠᠭ᠄
2024/7/29
        7 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠡᠬᠢᠯᠡᠭᠦᠯᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠪᠥᠬᠦ ᠺᠠᠳ᠋ᠷ ᠪᠠ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠲᠠᠯᠠᠪᠠᠶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ︽2024 ᠣᠨ ᠤ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠡ ᠶᠢ ᠲᠣᠭᠲᠠᠭᠠᠬᠤ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ︽ᠵᠠᠷᠤᠳ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠶᠠᠷᠢᠯᠴᠠᠨ ᠲᠠᠶᠢᠯᠪᠤᠷᠢᠯᠠᠵᠤ᠂ ᠥᠭᠡᠷᠡᠴᠢᠯᠡᠯᠲᠡ ᠶᠢᠨ ᠬᠠᠷᠠᠯᠲᠠ᠂ ᠠᠷᠭ᠎ᠠ ᠬᠡᠮᠵᠢᠶ᠎ᠡ᠂ ᠠᠯᠬᠤᠮ ᠳᠠᠷᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠪᠠ᠃     ᠣᠶᠢᠯᠠᠭᠠᠭᠰᠠᠨ ᠢᠶᠠᠷ᠂ ᠡᠨᠡ ᠵᠢᠯ᠂ ᠵᠠᠷᠤᠳ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠢ ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ᠳᠤᠮᠳᠠᠲᠤ ᠤᠯᠤᠰ ᠤᠨ ᠵᠢᠷᠭᠤᠳᠤᠭᠠᠷ ᠪᠦᠯᠦᠭ ᠤᠨ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠡ ᠶᠢᠨ ᠨᠢᠭᠡ ᠪᠠᠷ ᠲᠣᠭᠲᠠᠭᠠᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠨᠢᠭᠡᠴᠡ ᠪᠣᠯᠤᠨ᠎ᠠ᠂ ᠡᠨᠡ ᠨᠢ ᠪᠥᠬᠦ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠡᠩᠨᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠪᠠ ᠡᠷᠡᠭᠦᠯ ᠡᠩᠬᠡ ᠵᠠᠷᠤᠳ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃     ᠶᠣᠣ ᠼᠠᠢ ᠶᠠᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ᠂ ᠬᠠᠮᠢᠶ᠎ᠠ ᠪᠦᠬᠦᠢ ᠠᠵᠢᠯᠲᠠᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠯᠥᠪᠯᠡᠭᠡᠲᠦ ᠦᠷᠡᠵᠢᠯ ᠤᠨ  ᠨᠡᠶᠢᠭᠡᠮᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠪᠣᠳᠠᠲᠤ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠬᠤᠰᠢᠭᠤ ᠳᠠᠶᠠᠭᠠᠷ ᠢᠶᠠᠷ ᠢᠶᠠᠨ ᠨᠠᠮ ᠪᠠ ᠤᠯᠤᠰ ᠤᠨ ᠰᠢᠨ᠎ᠡ ᠱᠠᠲᠤ ᠦᠶ᠎ᠡ ᠳᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠤ ᠣᠯᠭᠤᠭᠰᠠᠨ ᠰᠢᠨ᠎ᠡ ᠡᠭᠦᠷᠭᠡ ᠴᠢᠳᠠᠪᠬᠢ᠂ ᠰᠢᠨ᠎ᠡ ᠡᠭᠦᠷᠭᠡ ᠳᠣᠰᠢᠶᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠥᠭᠡᠷᠡᠴᠢᠯᠡᠯᠲᠡ ᠶᠢ ᠠᠬᠢᠭᠤᠯᠬᠤ ᠪᠠᠷ ᠳᠠᠮᠵᠢᠨ᠂ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠵᠤ᠂ ᠰᠡᠳᠬᠢᠬᠦᠶ ᠶᠢᠨ ᠠᠷᠭ᠎ᠠ ᠬᠡᠯᠪᠡᠷᠢ ᠪᠠ ᠠᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠤᠯᠤᠰ ᠤᠨ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ ᠠᠵᠢᠯ ᠤᠨ ᠭᠤᠣᠯᠳᠠᠯᠭ᠎ᠠ ᠶᠢ ᠡᠵᠡᠮᠳᠡᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠦᠷᠦᠯ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃     ᠶᠣᠣ ᠼᠠᠢ ᠶᠠᠨ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠤᠯᠤᠰ ᠲᠥᠷᠥ ᠶᠢᠨ ᠰᠢᠨᠵᠢ ᠴᠢᠨᠠᠷ᠂ ᠤᠯᠤᠰ ᠲᠥᠷᠥ ᠶᠢᠨ ᠪᠠᠶᠢᠷᠢ ᠰᠠᠭᠤᠷᠢ ᠶᠢ ᠰᠠᠶᠢᠲᠤᠷ ᠲᠣᠭᠲᠠᠭᠠᠵᠤ᠂ ᠡᠯ᠎ᠡ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠢ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠭᠤᠤᠯᠳᠠᠯᠭ᠎ᠠ ᠳᠤ ᠠᠭᠤᠰᠤᠯᠴᠠᠭᠤᠯᠬᠤ ᠬᠡᠷᠡᠭᠲᠡᠶ᠃ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠡᠯ᠎ᠡ ᠱᠠᠳᠤᠨ ᠤ ᠳᠦᠯᠦᠪᠯᠡᠬᠡᠳᠤ ᠦᠷᠡᠵᠢᠯ ᠤᠨ ᠨᠡᠶᠢᠭᠡᠮᠯᠢᠭ ᠨᠢ ᠤᠳᠠᠯ ᠦᠬᠡᠢ ᠦᠷᠨᠢᠬᠦᠯᠬᠦ ᠪᠠᠷ ᠪᠠᠶᠢᠭ᠎ᠠ ᠬᠤᠭᠤᠴᠠᠭ᠎ᠠ ᠰᠤᠯᠢᠬᠤ ᠠᠵᠢᠯ ᠲᠠᠢ ᠤᠶᠠᠯᠳᠤᠭᠤᠯᠤᠨ᠂ ᠳᠦᠯᠦᠪᠯᠡᠬᠡᠳᠤ ᠦᠷᠡᠵᠢᠯ ᠤᠨ ᠨᠡᠶᠢᠭᠡᠮᠯᠢᠭ ᠤᠨ ᠪᠠᠶᠢᠭᠤᠯᠤᠮᠵᠢ ᠪᠠ ᠡᠬᠦᠷᠬᠡ ᠴᠢᠳᠠᠪᠬᠢ ᠶᠢ ᠳᠤᠬᠢᠷᠠᠭᠤᠯᠤᠨ ᠰᠢᠯᠢᠳᠡᠭᠵᠢᠬᠦᠯᠵᠤ᠂ ᠤᠳᠤᠷᠢᠳᠬᠤ ᠪᠠᠭ ᠢ ᠪᠦᠷᠢᠨ ᠳᠤᠬᠢᠷᠠᠭᠤᠯᠤᠨ ᠴᠢᠩᠭᠠᠳᠬᠠᠵᠤ᠂ ᠠᠵᠢᠯ ᠤᠨ ᠬᠦᠴᠤᠨ ᠢᠶᠠᠨ ᠴᠢᠩᠭᠠᠷᠠᠭᠤᠯᠵᠤ᠂ ᠦᠨᠳᠤᠰᠤᠨ ᠱᠠᠳᠤᠨ ᠤ ᠳᠦᠯᠦᠪᠯᠡᠬᠡᠳᠤ ᠦᠷᠡᠵᠢᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠦᠷᠢᠨᠰᠢᠬᠦᠯᠬᠦ ᠬᠡᠷᠡᠭᠳᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠨ ᠦᠨᠳᠦᠰᠦᠨ ᠱᠠᠲᠤᠨ ᠤ ᠵᠠᠷᠢᠮ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ  ᠰᠣᠯᠠᠷᠠᠭᠰᠠᠨ᠂ ᠬᠤᠭᠤᠰᠣᠷᠠᠭᠰᠠᠨ᠂ ᠵᠠᠶᠢᠳᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠯᠭᠠᠰᠤᠨ ᠤ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠰᠬᠤᠨ ᠤ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠢ ᠲᠤᠰᠬᠠᠶ ᠬᠥᠮᠦᠨ ᠢᠶᠠᠷ ᠶᠠᠪᠣᠳᠠᠯ ᠭᠦᠢᠴᠡᠳᠭᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠬᠢᠨ ᠰᠤᠷᠤᠯᠴᠠᠯᠭ᠎ᠠ ᠪᠣᠯᠪᠠᠰᠤᠷᠠᠭᠤᠯᠤᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤ ᠪᠠᠯᠭᠠᠰᠤ ᠲᠣᠰᠬᠤᠨ ᠤ ᠭᠤᠷᠪᠠᠨ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠬᠥᠲᠥᠯᠥᠨ ᠵᠢᠯᠣᠭᠤᠳᠬᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ︔ ᠡᠯ᠎ᠡ ᠱᠠᠲᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠦᠪᠡᠷ ᠦᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢ ᠳᠠᠬᠢᠨ ᠴᠣᠭᠴᠠᠯᠠᠬᠤ᠂ ᠡᠭᠦᠷᠭᠡ ᠴᠢᠳᠠᠪᠤᠷᠢ ᠶᠢ ᠰᠢᠯᠢᠳᠡᠭᠵᠢᠭᠦᠯᠬᠦ᠂ ᠠᠵᠢᠯ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠭᠦᠨᠵᠡᠭᠡᠶᠢᠷᠡᠨ ᠠᠬᠢᠬᠤ ᠶᠢ ᠠᠬᠢᠭᠤᠯᠬᠤ ᠬᠡᠷᠡᠭᠲᠡᠶ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号