| 6 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ | ᠨᠠᠮ ᠤᠨ ᠰᠠᠬᠢᠯᠭ᠎ᠠ ᠪᠠᠲᠤ ᠶᠢᠨ ᠬᠢᠴᠢᠶᠡᠯ ᠣᠷᠣᠪᠠ᠃ ᠪᠦᠦ ᠸᠧᠨ ᠯᠠᠨ᠂ ᠯᠢᠦ ᠶᠦᠩ᠂ ᠶᠠᠩ ᠽᠢ ᠴᠢᠶᠠᠩ ᠵᠡᠷᠭᠡ | ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ | ᠯᠠᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠢᠦ ᠰᠢ ᠯᠢᠨ ᠠᠴᠠ ᠪᠥᠬᠦ ᠬᠤᠰᠢᠭᠤᠨ ᠤ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ | ᠪᠠᠶᠢᠳᠠᠯ ᠪᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠭᠰᠡᠨ ᠪᠥᠭᠡᠳ ᠵᠠᠳᠠᠯᠤᠯᠲᠠ ᠬᠢᠪᠡ᠃ | ᠲᠠᠷᠠᠭ᠎ᠠ ᠨᠢ᠂ ᠱᠤᠤ ᠶᠠᠨ ᠵᠢᠶᠦ᠋ᠨ ᠠᠴᠠ ︽ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ | ᠪᠠᠲᠤ ᠰᠠᠬᠢᠵᠤ ᠠᠷᠢᠭᠤᠨ ᠴᠢᠬᠡᠴᠢ ᠮᠦᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠣᠳᠣᠬᠢᠴᠢᠯᠠᠭᠰᠠᠨ ᠵᠠᠷᠤᠳ | ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠡᠰ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ | ᠬᠠᠩᠭᠠᠶ᠎ᠠ︾ ᠭᠡᠬᠦ ᠰᠡᠳᠦᠪ ᠢᠶᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠲᠠᠢ ᠤᠶᠠᠯᠳᠤᠭᠤᠯᠵᠤ᠂ ᠤᠯᠠᠨ ᠳᠤ | ᠨᠠᠮ ᠤᠨ ᠰᠠᠬᠢᠯᠭ᠎ᠠ ᠪᠠᠲᠤ ᠶᠢᠨ ᠬᠢᠴᠢᠶᠡᠯ ᠣᠷᠣᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ︽ᠲᠦᠷᠢᠮ︾ ᠤᠨ ᠱᠠᠭᠠᠷᠳᠠᠯᠭ᠎ᠠ ᠶᠢ ᠲᠤᠤᠱᠯᠠᠭᠤᠯᠬᠤ ᠶᠢ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ | ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠰᠢᠨ᠎ᠡ ᠶᠢ | ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ | ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠠᠴᠠ ᠪᠠᠶᠢᠳᠠᠯ ᠢ ᠠᠵᠢᠭᠯᠠᠬᠤ᠂ ᠠᠰᠠᠭᠤᠳᠠᠯ ᠢ ᠵᠠᠳᠠᠯᠬᠤ | ᠂ ᠵᠥᠷᠢᠴᠡᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠤᠯᠤᠰ | ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠪᠠᠲᠤ ᠰᠠᠬᠢᠵᠤ᠂ | ᠣᠯᠠᠨ ᠲᠦᠮᠡᠨ ᠤ ᠰᠠᠬᠢᠯᠭ᠎ᠠ ᠪᠠᠲᠤ ᠶᠢ ᠡᠭᠦᠷᠢᠳᠡ ᠰᠠᠬᠢᠵᠤ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ | ᠠᠮᠢᠳᠤᠷᠠᠯ ᠤᠨ ᠰᠠᠬᠢᠯᠭ᠎ᠠ ᠪᠠᠲᠤ ᠶᠢ ᠪᠠᠲᠤ ᠰᠠᠬᠢᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ | ᠡᠷᠡᠰ ᠬᠤᠷᠢᠭᠯᠠᠬᠤ ᠬᠡᠷᠡᠭᠲᠡᠢ᠃ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ | ᠠᠵᠢᠯᠯᠠᠭ᠎ᠠ ᠶᠢ ᠡᠷᠡᠰ ᠬᠤᠷᠢᠭᠯᠠᠵᠤ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠳᠥᠷᠪᠡᠨ | ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ | ᠴᠢᠭᠯᠡᠯ ᠢᠶᠠᠷ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠭᠤᠷᠪᠠᠨ | ᠠᠷᠪᠢᠨ ᠭᠤᠷᠪᠠᠨ ᠴᠥᠭᠡᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠲᠦᠷᠭᠡᠨ | ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠪᠠ ᠠᠵᠢᠯ ᠬᠢᠵᠦ ᠦᠢᠯᠡᠰ | ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠡᠮᠦᠨ᠎ᠡ᠂ ᠭᠠᠵᠠᠷ ᠤᠨ ᠳᠡᠰ ᠤᠨ ᠤᠳᠤᠷᠢᠳᠤᠯᠭ᠎ᠠ ᠨᠠᠷ ︽ᠰᠠᠬᠢᠯᠭ᠎ᠠ ᠪᠠᠲᠤ ᠶᠢ ᠲᠡᠷᠢᠭᠦᠨ ᠳᠤ | ᠲᠠᠯᠪᠢᠬᠤ︾ ᠰᠡᠷᠡᠮᠵᠢᠯᠡᠭᠦᠯᠬᠦ ᠰᠣᠷᠭᠠᠨ ᠬᠦᠮᠦᠵᠢᠯ ᠤᠨ ᠳᠦᠷᠰᠦ ᠰᠢᠩᠭᠡᠭᠡᠯᠲᠡ ᠶᠢ ᠲᠦᠪᠯᠡᠷᠡᠨ ᠦᠵᠡᠪᠡ᠃ | | | | |