ᠵᠠᠷᠤᠳ ᠬᠤᠰᠢᠭᠤ ᠣᠶ ᠰᠢᠭᠤᠶ ᠨᠣᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/3
    6 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠬᠦ ᠬᠤᠰᠢᠭᠤᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠢ ᠡᠷᠬᠢᠯᠡᠨ ᠬᠢᠪᠡ᠃ ᠪᠦᠦ ᠸᠧᠨ ᠯᠠᠨ᠂ ᠯᠢᠦ ᠶᠦᠩ᠂ ᠶᠠᠩ ᠽᠢ ᠴᠢᠶᠠᠩ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠤᠢ ᠰᠢᠭᠤᠢ ᠶᠢᠨ ᠲᠠᠯᠠᠪᠠᠢ ᠶᠢᠨ ᠡᠬᠢ ᠪᠠᠶᠠᠯᠢᠭ ᠢ ᠡᠪᠳᠡᠭᠰᠡᠨ ᠡᠯ᠎ᠡ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠢ ᠰᠢᠭᠤᠢ ᠨᠣᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠴᠠᠭ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠪᠣᠳᠠᠲᠠᠶ ᠠᠰᠠᠭᠤᠳᠠᠯ ᠢ ᠪᠣᠳᠠᠲᠠᠶ ᠵᠠᠳᠠᠯᠬᠤ ᠶᠢ ᠪᠠᠷᠢᠮᠲᠠᠯᠠᠨ᠂ ᠲᠥᠷᠥᠯ ᠬᠤᠪᠢᠶᠠᠨ ᠲᠣᠬᠢᠲᠠᠶ ᠰᠢᠢᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠣᠶ ᠰᠢᠭᠤᠶ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠡᠷᠢᠵᠦ᠂ ᠲᠤᠷᠰᠢᠯᠭ᠎ᠠ ᠪᠠᠨ ᠳ᠋ᠦᠩᠨᠡᠨ᠂ ᠰᠤᠷᠭᠠᠮᠵᠢ ᠠᠪᠴᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠣᠶ ᠰᠢᠭᠤᠶ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠪᠥᠬᠦ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃    ᠬᠤᠷᠠᠯ ᠳᠡᠭᠡᠷ᠎ᠡ᠂ ᠪᠥᠬᠦ ᠬᠤᠰᠢᠭᠤᠨ ᠤ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠵᠢᠷᠤᠭ ᠲᠣᠯᠪᠤ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽ᠣᠶ ᠰᠢᠭᠤᠶ ᠨᠣᠲᠤᠭ ᠪᠡᠯᠴᠢᠭᠡᠷ ᠢ  ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠪᠠᠴᠢᠮ ᠮᠡᠳᠡᠭᠳᠡᠯ︾ ᠳᠤ ᠲᠠᠶᠢᠯᠤᠮᠵᠢ ᠬᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号