| 7 ᠰᠠᠷ᠎ᠠ ᠶᠢᠨ 2 ᠤᠨ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠢ ᠭᠦᠸᠧ᠂ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠴᠢᠦᠶ ᠶᠧ ᠬᠤᠩ ᠬᠠᠮᠲᠤ | ᠶᠠᠪᠣᠭᠰᠠᠳ ᠲᠠᠢ ᠪᠠᠨ ᠭᠡᠷᠴᠢᠯᠠᠭᠤ ᠰᠤᠮᠤᠨ ᠳᠤ ᠭᠦᠨᠵᠡᠭᠡᠶᠢᠷᠡᠨ ᠣᠳᠣᠬᠠᠨ ᠤ ᠭᠤᠤᠯᠳᠠᠯᠭ᠎ᠠ ᠲᠠᠢ ᠠᠵᠢᠯ ᠢ ᠬᠢᠨᠠᠨ | ᠵᠢᠯᠣᠭᠤᠳᠪᠠ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ | ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠬᠥᠲᠥᠯᠥᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ | ᠤᠬᠠᠮᠰᠠᠷ ᠢ ᠨᠢ ᠴᠢᠩᠭᠠᠳᠬᠠᠵᠤ᠂ ᠬᠤᠷᠢᠭ᠎ᠠ ᠱᠤᠭᠤᠮ ᠲᠠᠢ ᠪᠠᠶᠢᠯᠭᠠᠬᠤ ᠶᠢᠨ ᠲᠦᠯᠦᠭᠡ᠂ ᠭᠡᠷᠴᠢᠯᠠᠭᠤ ᠰᠤᠮᠤ ᠬᠢᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠦᠷᠨᠢᠭᠦᠯᠵᠦ ᠵᠢᠴᠢ ᠭᠠᠵᠠᠷ ᠤᠨ ᠲᠠᠰ ᠤᠨ ᠳᠠᠭᠠᠭᠠᠴᠢᠯᠠᠨ | ᠬᠤᠯᠪᠣᠭᠠᠯᠠᠭᠰᠠᠨ ᠤᠳᠤᠷᠢᠳᠤᠯᠭ᠎ᠠ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ | ᠰᠡᠳᠦᠪᠲᠦ ᠨᠠᠮ ᠤᠨ ᠬᠢᠴᠢᠶᠡᠯ ᠣᠷᠣᠪᠠ᠃ | ᠵᠠᠩ ᠬᠤᠰᠢᠭᠤᠨ ᠳᠠᠷᠤᠭ᠎ᠠ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠲᠦᠷᠢᠮ︾ ᠤᠨ ᠳᠤᠮᠳᠠᠬᠢ ᠤᠯᠤᠰ ᠲᠥᠷᠥ ᠶᠢᠨ ᠰᠠᠬᠢᠯᠭ᠎ᠠ ᠪᠠᠲᠤ ᠠᠴᠠ ᠭᠠᠷᠳᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠵᠢᠴᠢ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠡᠷᠬᠢᠨ ᠰᠤᠮᠤᠨ ᠤ ᠵᠠᠰᠠᠭ ᠤᠨ ᠣᠷᠳᠣᠨ ᠤ ᠪᠥᠬᠦ ᠲᠠᠯ᠎ᠠ ᠶᠢᠨ | ᠠᠵᠢᠯ ᠳᠤ ᠠᠭᠤᠰᠤᠯᠴᠠᠭᠤᠯᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠥᠭᠡᠳ ︽ | ᠲᠦᠷᠢᠮ︾ ᠪᠣᠯ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠶᠢᠨ ᠰᠠᠭᠤᠷᠢ ᠮᠥᠨ᠂ ᠨᠠᠮ ᠤᠨ ᠭᠡᠰᠢᠭᠦᠨ ᠺᠠᠳ᠋ᠷᠴᠤᠳ ︽ᠲᠦᠷᠢᠮ︾ ᠤᠨ ᠡᠯ᠎ᠡ ᠵᠦᠢᠯ ᠤᠨ | ᠲᠣᠭᠲᠠᠭᠠᠯ ᠢ ᠭᠦᠨᠵᠡᠭᠡᠶ ᠨᠠᠷᠢᠨ ᠨᠢᠮᠪᠠᠶ ᠰᠤᠷᠤᠯᠴᠠᠵᠤ᠂ ︽ᠲᠦᠷᠢᠮ︾ ᠤᠨ ᠠᠭᠤᠯᠭ᠎ᠠ ᠶᠢ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ | ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠬᠢᠯᠭ᠎ᠠ ᠪᠠᠲᠤ ᠶᠢ ᠰᠠᠬᠢᠵᠤ᠂ ᠶᠣᠰᠣ ᠲᠦᠷᠢᠮ ᠢ | ᠡᠷᠬᠢᠮᠯᠡᠬᠦ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠵᠠᠩ ᠬᠤᠰᠢᠭᠤᠨ ᠳᠠᠷᠤᠭ᠎ᠠ ᠬᠠᠮᠲᠤ ᠶᠠᠪᠣᠭᠰᠠᠳ ᠲᠠᠢ ᠪᠠᠨ ᠬᠠᠷᠢᠭᠤ ᠮᠡᠳᠡᠭᠦᠯᠦᠯᠲᠡ ᠰᠣᠨᠣᠰᠬᠤ᠂ | ᠠᠬᠤᠢ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠨ ᠣᠶ ᠰᠢᠭᠤᠶ ᠨᠤᠲᠤᠭ ᠪᠡᠯᠴᠢᠭᠡᠷ ᠢ | ᠡᠪᠳᠡᠵᠦ ᠬᠠᠭᠠᠯᠪᠣᠷᠢᠯᠠᠭᠰᠠᠨ ᠢ ᠲᠤᠰᠬᠠᠶ ᠴᠡᠭᠴᠡᠯᠡᠨ ᠵᠠᠰᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠵᠢᠴᠢ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ | ᠣᠶᠢᠯᠠᠭᠠᠭᠰᠠᠨ ᠪᠥᠭᠡᠳ ᠲᠠᠷᠠᠭᠠᠴᠢ ᠶᠢᠨ ᠠᠯᠬᠤᠮ ᠳᠤ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ | ᠥᠷᠨᠢᠭᠦᠯᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠣᠷᠠᠳᠪᠠ᠃ | ᠵᠠᠩ ᠬᠤᠰᠢᠭᠤᠨ ᠳᠠᠷᠤᠭ᠎ᠠ ᠴᠢᠬᠤᠯᠠᠴᠢᠯᠠᠭᠰᠠᠨ ᠨᠢ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠡᠯ᠎ᠡ ᠲᠥᠷᠥᠯ ᠤᠨ ᠡᠪᠡᠰᠦᠲᠦ ᠭᠠᠵᠠᠷ ᠤᠨ ᠡᠬᠢ | ᠪᠠᠶᠠᠯᠢᠭ ᠢ ᠡᠪᠳᠡᠭᠰᠡᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠶ ᠨᠣᠲᠤᠭ | ᠪᠡᠯᠴᠢᠭᠡᠷ ᠢ ᠡᠪᠳᠡᠨ ᠬᠠᠭᠠᠯᠪᠣᠷᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ | ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠶᠢ ᠴᠢᠩᠭ᠎ᠠ ᠠᠳᠬᠤᠵᠤ᠂ ᠦᠨᠳᠦᠰᠦᠨ | ᠱᠠᠲᠤᠨ ᠳᠤ ᠪᠠᠶᠢᠩᠭᠤ ᠲᠣᠬᠢᠶᠠᠯᠳᠤᠳᠠᠭ ᠣᠯᠠᠨ ᠭᠠᠷᠳᠠᠭ ᠨᠤᠲᠤᠭ ᠪᠡᠯᠴᠢᠭᠡᠷ ᠤᠨ ᠵᠠᠭᠠᠭ ᠱᠤᠭᠤᠮ ᠤᠨ | ᠵᠢᠭᠤᠷᠠᠯᠳᠤᠭᠠᠨ᠂ ᠣᠷᠤᠭ ᠬᠡᠷ ᠪᠦᠯᠢ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠵᠥᠷᠢᠴᠡᠯ ᠵᠢᠭᠤᠷᠠᠯᠳᠤᠭᠠᠨ ᠢ | ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ | ᠡᠶᠡᠳᠡᠭᠦᠯᠵᠦ᠂ ᠡᠷᠲᠡ ᠠᠳᠬᠤᠨ ᠪᠠᠭ᠎ᠠ ᠪᠠᠶᠢᠬᠤ ᠳᠤᠨᠢ ᠠᠳᠬᠤᠵᠤ᠂ ᠡᠶᠡᠳᠡᠭᠦᠯᠪᠡᠯ ᠵᠣᠬᠢᠬᠤ ᠪᠦᠬᠦᠨ ᠢ | ᠡᠶᠡᠳᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ | ᠦᠶ᠎ᠡ ᠳᠤᠨᠢ ᠠᠷᠢᠯᠭᠠᠬᠤ ᠬᠡᠷᠡᠭᠲᠡᠢ︔ ᠢᠳᠡᠭᠡᠨ ᠤ ᠠᠮᠤᠷ ᠲᠦᠪᠰᠢᠨ ᠤ ᠪᠦᠷᠢᠨ ᠲᠡᠭᠦᠯᠳᠡᠷ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠵᠤ᠂ ᠡᠯ᠎ᠡ ᠭᠤᠭᠴᠤᠭ᠎ᠠ ᠶᠢᠨ ᠬᠢᠨᠠᠯᠲᠠ ᠪᠠ ᠬᠠᠮᠢᠶᠠᠷᠤᠯᠲᠠ ᠶᠢ ᠴᠢᠩᠭᠠᠳᠬᠠᠨ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠣᠮᠳᠠᠭᠠᠨ ᠠᠮᠤᠷ ᠲᠦᠪᠰᠢᠨ᠂ ᠪᠣᠬᠢᠷᠳᠣᠯ ᠦᠭᠡᠢ᠂ ᠰᠢᠮ᠎ᠡ ᠲᠡᠵᠢᠭᠡᠯ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ |