ᠪᠤᠤ ᠸᠧᠨ ᠯᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/3
   7 ᠰᠠᠷ᠎ᠠ ᠶᠢᠨ 1 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠠᠴᠠ ︽ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠷᠡᠵᠦ ᠰᠠᠬᠢᠯᠭ᠎ᠠ ᠪᠠᠲᠤ ᠶᠢ ᠤᠶᠢᠯᠠᠭᠠᠵᠦ ᠰᠠᠬᠢᠯᠭ᠎ᠠ ᠪᠠᠲᠤ ᠶᠢ ᠰᠠᠬᠢᠵᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠬᠢᠴᠢᠶᠡᠯ ᠣᠷᠣᠪᠠ᠃ 
微信图片_20240703093333.jpg
    ᠪᠦᠦ ᠸᠧᠨ ᠯᠠᠨ ᠵᠢᠭᠠᠪᠤᠷᠢᠯᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠪᠥᠬᠦ ᠬᠤᠰᠢᠭᠤᠨ ᠤ ︽ᠪᠠᠶᠢᠯᠳᠤᠭᠠᠨ ᠤ ᠬᠡᠯᠲᠡᠰ︾ ︽ᠬᠡᠷᠡᠭᠵᠢᠭᠦᠯᠬᠦ ᠳᠠᠪᠬᠤᠷᠭ᠎ᠠ︾ ᠪᠣᠯᠤᠭᠰᠠᠨ ᠤ ᠬᠤᠪᠢ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠨᠠᠩ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠵᠣ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠪᠣᠯᠬᠤ ᠪᠠᠷ ᠴᠢᠷᠮᠠᠶᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠪᠡ᠃    ᠪᠦᠦ ᠸᠧᠨ ᠯᠠᠨ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠯᠪᠠᠨ ᠬᠡᠷ ᠤᠨ ︽ᠭᠤᠷᠪᠠ ᠳᠤ ᠦᠢᠯᠡᠴᠢᠯᠡᠬᠦ︾ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ︵ᠭᠡᠷ︶ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠵᠢᠷᠭᠤᠭᠠᠨ ᠦᠯᠢᠭᠡᠷ ᠳᠠᠭᠤᠷᠢᠶᠠᠯ︾ ᠪᠣᠯᠬᠤ ᠪᠠᠷ ᠴᠢᠷᠮᠠᠶᠢᠬᠤ ᠬᠡᠷᠡᠭᠲᠡᠢ᠃ ᠪᠠᠷᠢᠮᠵᠢᠶ᠎ᠠ ᠠᠴᠠ ᠲᠠᠭᠠᠨ ᠰᠤᠷᠤᠯᠴᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠨ᠂ ᠤᠯᠤᠰ ᠲᠦᠷᠤ ᠶᠢᠨ ᠵᠤᠭᠰᠤᠴᠠ ᠪᠠᠨ ᠪᠠᠳᠤᠳᠬᠠᠵᠦ᠂ ᠤᠯᠤᠰ ᠲᠥᠷᠥ ᠶᠢᠨ ᠴᠢᠭᠯᠡᠯ ᠢᠶᠠᠨ ᠪᠠᠲᠤ ᠰᠠᠬᠢᠵᠤ᠂ ᠬᠤᠰᠢᠭᠤ ᠵᠠᠰᠠᠭ ᠤᠨ ᠣᠷᠳᠣᠨ ᠢ ᠰᠠᠨᠠᠭ᠎ᠠ ᠠᠮᠤᠷ ᠪᠠᠶᠢᠯᠭᠠᠬᠤ ︽ᠪᠠᠲᠤ ᠴᠢᠩᠭ᠎ᠠ ᠡᠮᠦᠨ᠎ᠡ ᠬᠠᠷᠠᠭᠤᠯ︾ ᠪᠠ ︽ᠠᠷᠤ ᠬᠦᠷᠢᠶ᠎ᠡ ᠪᠠᠨ ᠪᠠᠬᠢᠵᠢᠭᠦᠯᠬᠦ︾ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃ ᠴᠢᠷᠮᠠᠶᠢᠨ ᠰᠤᠷᠤᠯᠴᠠᠬᠤ ᠳᠠᠭᠤᠷᠢᠶᠠᠯ ᠪᠤᠯᠵᠤ᠂ ᠰᠢᠷᠭᠠᠭᠤ ᠰᠤᠷᠤᠯᠴᠠᠨ᠂ ᠰᠢᠷᠭᠠᠭᠤ ᠰᠡᠳᠬᠢᠨ ᠪᠣᠳᠣᠯᠬᠢᠯᠠᠵᠤ᠂ ᠰᠢᠷᠭᠠᠭᠤ ᠬᠤᠷᠠᠮᠳᠤᠭᠤᠯᠵᠤ᠂ ︽ᠬᠠᠰᠢᠷ ᠭᠠᠷ︾ ᠪᠣᠯᠬᠤ ᠪᠠᠷ ᠴᠢᠷᠮᠠᠶᠢᠨ᠂ ᠰᠠᠶᠢᠨ ᠬᠢᠵᠦ ᠴᠢᠳᠠᠮᠠᠭᠠᠢ ᠪᠠᠷ ᠪᠦᠲᠦᠭᠡᠬᠦ ᠦᠯᠢᠭᠡᠷ ᠳᠠᠭᠤᠷᠢᠶᠠᠯ ᠪᠤᠯᠵᠤ᠂ ᠴᠢᠩᠭ᠎ᠠ ᠨᠢᠮᠪᠠᠢ ᠨᠠᠷᠢᠨ ᠬᠢᠨᠠᠮᠠᠭᠠᠢ ᠠᠵᠢᠯ ᠬᠢᠵᠦ᠂ ᠦᠨᠡᠨ ᠠᠴᠠ ᠵᠥᠪ ᠢ ᠡᠷᠢᠵᠦ᠂ ᠠᠵᠢᠯ ᠤᠨ ᠳᠤᠮᠳᠠᠬᠢ ᠪᠣᠭᠤᠮᠲᠠ ᠨᠢᠭᠡᠪᠦᠷᠢ ᠶᠢ ᠨᠠᠷᠢᠨ ᠬᠢᠨᠠᠮᠠᠭᠠᠢ ᠬᠢᠨᠠᠵᠦ᠂ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠰᠠᠶᠢᠲᠤᠷ ᠰᠠᠬᠢᠵᠤ᠂ ᠲᠡᠰ ᠳᠠᠷᠠᠭᠠᠯᠠᠯ ᠨᠢᠭᠡᠪᠦᠷᠢ ᠶᠢ ᠴᠢᠩᠭ᠎ᠠ ᠠᠳᠬᠤᠬᠤ ᠬᠡᠷᠡᠭᠳᠠᠢ︔ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠦᠯᠢᠭᠡᠷ ᠳᠠᠭᠤᠷᠢᠶᠠᠯ ᠪᠤᠯᠵᠤ᠂ ᠪᠦᠯᠬᠦᠮᠳᠡᠨ ᠬᠠᠮᠲᠤ ᠠᠵᠢᠯᠯᠠᠬᠤ᠂ ᠳᠣᠲᠣᠨᠣᠰᠤᠭ ᠢᠶᠠᠷ ᠬᠠᠮᠵᠢᠯᠴᠠᠬᠤ᠂ ᠬᠠᠮᠵᠢᠯᠴᠠᠨ ᠪᠠᠶᠢᠯᠳᠤᠬᠤ ᠶᠢ ᠪᠡᠶᠡᠯᠡᠭᠦᠯᠬᠦ ᠬᠡᠷᠡᠭᠲᠡᠢ︔ ᠠᠵᠢᠯ ᠶᠠᠪᠤᠳᠠᠯ ᠢ ᠦᠨᠳᠤᠷ ᠪᠠᠷᠢᠮᠵᠢᠶ᠎ᠠ ᠪᠠᠷ ᠭᠦᠢᠴᠡᠳᠭᠡᠬᠦ ᠦᠯᠢᠭᠡᠷ ᠳᠠᠭᠤᠷᠢᠶᠠᠯ ᠪᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠠᠵᠢᠯ ᠶᠠᠪᠤᠳᠠᠯ ᠬᠢᠵᠦ᠂ ︽ᠭᠤᠷᠪᠠᠨ ᠤᠯᠠᠨ ᠭᠤᠷᠪᠠᠨ ᠴᠦᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠲᠤᠰ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠨ᠂ ᠬᠤᠷᠢᠭ᠎ᠠ ᠱᠤᠭᠤᠮ ᠢ ᠰᠠᠬᠢᠬᠤ ᠶᠢ ᠴᠢᠬᠤᠯᠠᠴᠢᠯᠠᠵᠤ᠂ ᠠᠯᠪᠠᠨ ᠭᠡᠷ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号