7 ᠰᠠᠷ᠎ᠠ ᠶᠢᠨ 29 ᠤ ᠡᠳᠦᠷ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠤᠳᠠᠭᠠᠨ ᠤ ᠬᠤᠷᠠᠯ | ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠡᠦ ᠴᠢᠩ ᠬᠠᠢ ᠬᠤᠷᠠᠯ ᠡᠷᠭᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ᠂ ᠵᠠᠩ ᠶᠦᠩ ᠴᠢᠶᠠᠩ᠂ ᠵᠠᠩ ᠴᠦᠨ | ᠡᠾᠦ᠋ᠢ᠂ ᠶᠠᠩ ᠵᠧᠨ ᠴᠢᠩ ᠵᠢᠴᠢ ᠪᠤᠰᠤᠳ ᠭᠡᠰᠢᠬᠦᠨ ᠨᠡᠶᠢᠲᠡ 23 ᠬᠥᠮᠦᠨ ᠬᠤᠷᠠᠯ ᠳᠤ ᠣᠷᠣᠯᠴᠠᠵᠤ᠂ | ᠬᠠᠤᠯᠢ ᠳᠤ ᠲᠣᠭᠲᠠᠭᠠᠭᠰᠠᠨ ᠬᠥᠮᠦᠨ ᠤ ᠲᠤᠭᠠᠨ ᠳᠤ ᠨᠡᠶᠢᠴᠡᠪᠡ᠃ | ᠬᠤᠰᠢᠭᠤᠨ ᠤ ᠤᠳᠤᠷᠢᠳᠤᠯᠭ᠎ᠠ ᠪᠠᠲᠤ᠂ ᠮᠦ ᠲᠢᠶᠧ ᠮᠢᠨ᠂ ᠫᠠᠨ ᠫᠧᠩ ᠹᠸᠢ᠂ ᠴᠢᠦᠶ ᠶᠧ ᠬᠤᠩ ᠪᠣᠯᠤᠨ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠠᠯᠪᠠᠨ ᠬᠡᠷ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠨᠥᠬᠦᠳ ᠵᠢᠴᠢ ᠵᠠᠷᠢᠮ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠬᠤᠷᠠᠯ ᠳᠤ ᠰᠤᠯᠠ ᠣᠷᠣᠯᠴᠠᠪᠠ᠃ | | | | | ᠬᠤᠷᠠᠯ ᠳᠡᠭᠡᠷ᠎ᠡ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠲᠤᠰᠢᠶᠠᠯ ᠠᠴᠠ ᠪᠠᠭᠤᠯᠭᠠᠬᠤ | ᠶᠠᠪᠤᠳᠠᠯ ᠢ ᠶᠠᠪᠤᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠮᠦ ᠲᠢᠶᠧ ᠮᠢᠨ ᠠᠴᠠ ︽ᠪᠠᠲᠤ ᠨᠥᠬᠦᠷ ᠢ ᠲᠤᠰᠢᠶᠠᠯ ᠳᠤ ᠲᠣᠮᠢᠯᠠᠬᠤ ᠲᠤᠬᠠᠶ ᠮᠡᠳᠡᠭᠦᠯᠦᠯᠲᠡ︾ ᠶᠢ | ᠤᠩᠰᠢᠨ ᠨᠡᠶᠢᠲᠡᠯᠡᠪᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠪᠦᠦ ᠯᠦᠩ ᠠᠴᠠ ︽ᠯᠢᠶᠠᠩ ᠭᠦᠸᠧ ᠺᠠᠶ ᠵᠡᠷᠭᠡ ᠨᠥᠬᠦᠳ ᠤᠨ ᠲᠤᠰᠢᠶᠠᠯ ᠳᠤ | ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠤᠬᠠᠶ ᠮᠡᠳᠡᠭᠦᠯᠦᠯᠲᠡ ᠶᠢ ᠤᠩᠰᠢᠨ ᠨᠡᠶᠢᠲᠡᠯᠡᠪᠡ︔ ᠶᠠᠩ ᠵᠧᠨ ᠴᠢᠩ | ᠠᠴᠠ ︽ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠲᠤᠬᠠᠶ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠦᠯ︶︾ | ᠶᠢ ᠤᠩᠰᠢᠨ ᠨᠡᠶᠢᠲᠡᠯᠡᠪᠡ︔ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠴᠢᠦᠶ | ᠶᠧ ᠬᠤᠩ ᠠᠴᠠ ︽ᠬᠠᠤᠯᠢ ᠴᠠᠭᠠᠵᠠ ᠶᠢᠨ ᠠᠵᠢᠯᠳᠠᠨ ᠤ ᠲᠤᠰᠢᠶᠠᠯ ᠠᠴᠠ ᠪᠠᠭᠤᠯᠭᠠᠬᠤ ᠲᠤᠬᠠᠶ ᠵᠢᠭᠠᠪᠤᠷᠢ ᠠᠪᠬᠤ | ᠮᠡᠳᠡᠭᠦᠯᠦᠯᠲᠡ︾ ᠶᠢ ᠤᠩᠰᠢᠨ ᠨᠡᠶᠢᠲᠡᠯᠡᠪᠡ︔ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠷᠢᠭᠤᠴᠠᠯᠭᠠᠲᠠᠨ | ᠠᠴᠠ ︽ᠵᠦ ᠱᠠᠨ ᠱᠠᠨ ᠵᠡᠷᠭᠡ ᠨᠥᠬᠦᠳ ᠤᠨ ᠰᠢᠭᠦᠨ ᠲᠠᠰᠤᠯᠬᠤ ᠲᠤᠰᠢᠶᠠᠯ ᠳᠤ ᠲᠣᠮᠢᠯᠠᠬᠤ ᠲᠤᠬᠠᠶ ᠰᠠᠨᠠᠭᠤᠯᠭ᠎ᠠ︾ | ᠶᠢ ᠤᠩᠰᠢᠨ ᠨᠡᠶᠢᠲᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠤᠰᠢᠶᠠᠯ ᠳᠤ | ᠲᠣᠮᠢᠯᠠᠬᠤ ᠪᠠᠷ ᠪᠠᠶᠢᠭ᠎ᠠ ᠬᠥᠮᠦᠰ ᠤᠨ ᠲᠣᠪᠴᠢ ᠨᠠᠮᠲᠠᠷ ᠢ ᠲᠠᠨᠢᠯᠴᠠᠭᠤᠯᠪᠠ᠃ | | | | | ᠠᠵᠢᠯ ᠤᠨ ᠬᠤᠪᠢᠷᠠᠯᠲᠠ ᠪᠠ ᠲᠣᠰ ᠬᠥᠮᠦᠨ ᠤ ᠭᠤᠶᠤᠴᠢᠯᠠᠯ ᠠᠴᠠ ᠪᠣᠯᠵᠣ᠂ ᠬᠤᠷᠠᠯ ᠠᠴᠠ ᠪᠠᠲᠤᠯᠠᠬᠤ ᠪᠠᠷ | ᠳᠡᠮᠵᠢᠨ᠂ ᠪᠦᠦ ᠸᠧᠨ ᠯᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ | ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠴᠤ᠂ ᠪᠠᠲᠤ ᠶᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠲᠣᠮᠢᠯᠠᠵᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠢ ᠣᠷᠣᠯᠠᠬᠤ ᠪᠠᠷ ᠲᠣᠭᠲᠠᠪᠠ︔ ᠬᠤᠯᠪᠣᠭᠳᠠᠯ ᠪᠦᠬᠦᠢ | ᠬᠥᠮᠦᠰ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠪᠠᠲᠤᠯᠠᠪᠠ᠃ ᠳᠠᠷᠠᠭ᠎ᠠ ᠨᠢ᠂ | ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠃ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠷᠠᠯ ᠠᠴᠠ ᠡᠮᠦᠨ᠎ᠡ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠰᠢᠶᠠᠯ ᠳᠤ ᠲᠣᠮᠢᠯᠠᠬᠤ ᠪᠠᠷ ᠪᠠᠶᠢᠭ᠎ᠠ | ᠬᠥᠮᠦᠰ ᠲᠤ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠵᠦ᠂ | ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠠᠴᠠ ᠨᠢᠭᠡᠨᠲᠡ ᠲᠤᠰᠢᠶᠠᠯ ᠡᠭᠦᠷᠭᠡᠯᠡᠬᠦ ᠬᠠᠤᠯᠢ | ᠴᠠᠭᠠᠵᠠ ᠶᠢᠨ ᠬᠡᠪ ᠴᠢᠨᠠᠷ ᠢ ᠪᠦᠷᠢᠯᠳᠦᠭᠦᠯᠦᠭᠰᠡᠨ ᠪᠠᠶᠢᠨ᠎ᠠ᠃ | ᠬᠤᠷᠠᠯ ᠠᠴᠠ ᠪᠠᠰᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠠᠷᠢᠶᠠᠨ ᠡᠮ ᠤᠨ ᠬᠠᠮᠢᠶᠠᠷᠤᠯᠲᠠ ᠶᠢᠨ ᠲᠦᠷᠢᠮ﹀ ᠢ ᠲᠤᠤᠱᠯᠠᠭᠤᠯᠤᠨ ᠬᠡᠷᠡᠭᠵᠢᠭᠦᠯᠦᠭᠰᠡᠨ | ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ︾᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠥᠬᠦ ᠬᠤᠰᠢᠭᠤᠨ ᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠠᠶᠢᠴᠠᠭᠠᠨ ᠰᠤᠳᠤᠯᠬᠤ ᠳᠤᠭᠤᠶᠢᠯᠠᠩ ᠤᠨ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠰᠤᠨᠤᠰᠪᠠ︔ ᠬᠡᠰᠡᠭ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠶᠢᠨ | ᠬᠡᠮᠵᠢᠶ᠎ᠡ ᠶᠢᠨ ᠦᠨᠡᠯᠡᠯᠲᠡ ᠬᠢᠪᠡ᠃ ᠬᠤᠷᠠᠯ ᠳᠤ ᠣᠷᠣᠯᠴᠠᠭᠰᠠᠳ ᠡᠯ᠎ᠡ ᠵᠦᠢᠯ ᠤᠨ ᠢᠯᠡᠳᠬᠡᠯ ᠤᠨ ᠲᠣᠭᠤᠷᠢᠨ ᠳᠤ | ᠳᠤᠭᠤᠶᠢᠯᠠᠩ ᠬᠤᠪᠢᠶᠠᠨ ᠶᠠᠷᠢᠯᠴᠠᠭᠰᠠᠨ ᠪᠥᠭᠡᠳ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠲᠤᠷᠠᠳᠪᠠ᠃ | |