ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠵᠠᠷᠤᠳ ᠳᠤ ᠰᠠᠭᠤᠭ᠎ᠠ ᠲᠥᠪ ᠣᠷᠣᠨ ᠬᠤᠲᠠ ᠶᠢᠨ | ᠰᠢᠭᠤᠳ ᠬᠠᠷᠢᠶ᠎ᠠ ᠡᠯ᠎ᠡ ᠨᠢᠭᠡᠴᠡ ᠳᠤ᠄ | ᠥᠨᠥ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠵᠠᠷᠤᠳ ᠬᠤᠰᠢᠭᠤᠨ ᠤ ᠲᠦᠭᠡᠮᠡᠯ | ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠳᠦᠭᠡᠢ᠃ | | | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 3 ᠤ ᠡᠳᠦᠷ | | ᠵᠠᠷᠤᠳ ᠬᠤᠰᠢᠭᠤᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ | 2024 ᠣᠨ ᠤ 4 ᠰᠠᠷ᠎ᠠ ᠳᠤ᠂ ᠲᠦᠩᠯᠢᠶᠣᠤ ᠬᠤᠲᠠ ᠤᠯᠤᠰ ᠤᠨ ᠬᠤᠶᠠᠳᠤᠭᠠᠷ ᠪᠦᠯᠦᠭ ᠤᠨ ᠲᠥᠪ ᠤᠨ | ᠡᠳ᠋ ᠤᠨ ᠵᠠᠰᠠᠭ ᠠᠴᠠ ᠳᠡᠮᠵᠢᠬᠦ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ | ᠶᠢᠨ ᠵᠢᠱᠢᠶ᠎ᠡ ᠦᠵᠡᠭᠦᠯᠬᠦ ᠲᠥᠷᠥᠯ ᠵᠤᠶᠢᠯ ᠳᠤ ᠠᠮᠵᠢᠯᠲᠠ ᠲᠠᠢ ᠰᠣᠩᠭᠤᠭᠳᠠᠪᠠ᠃ ︽ᠲᠦᠩᠯᠢᠶᠣᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ᠲᠦᠩᠯᠢᠶᠣᠤ ᠬᠤᠲᠠ ᠶᠢᠨ ᠲᠦᠭᠡᠮᠡᠯ ᠬᠠᠷᠠᠭᠠᠯᠵᠠᠯᠲᠤ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠦᠩᠯᠢᠶᠤᠤ ᠵᠠᠰᠠᠭ ᠠᠯᠪᠠᠨ | ᠥᠰᠥᠭ ﹇2024﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠲᠦᠭᠡᠮᠡᠯ | ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ | ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠨ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ | ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯ ᠤᠨ | ᠬᠡᠦᠬᠡᠳ ᠰᠠᠭᠠᠲᠠᠭᠤᠯᠬᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠦᠭᠡᠮᠡᠯ | ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ | ᠳᠠᠮᠵᠢᠭᠤᠯᠤᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ | ᠦᠢᠯᠡᠴᠢᠯᠡᠭᠡᠨ ᠤ ᠵᠠᠷᠤᠳᠠᠯ ᠢ ᠪᠠᠭᠤᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ | ᠬᠤᠰᠢᠭᠤᠨ ᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠰᠡᠳᠬᠢᠯᠭᠡ᠂ ᠡᠩᠭᠡ ᠲᠠᠶᠢᠪᠤᠩ ᠪᠤᠳᠤᠯ ᠢ ᠦᠷᠭᠦᠯᠵᠢᠯᠡᠨ | ᠳᠡᠭᠡᠭᠰᠢᠯᠡᠭᠦᠯᠵᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤ | ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ︽ᠰᠢᠰᠲ᠋ᠧᠮᠵᠢ ᠶᠢᠨ ᠪᠠᠶᠢᠭᠤᠯᠤᠯᠲᠠ᠂ ᠡᠬᠢ ᠪᠠᠶᠠᠯᠢᠭ ᠢ ᠠᠮᠢᠳᠤᠯᠢᠭᠵᠢᠭᠤᠯᠬᠤ᠂ ᠲᠥᠷᠥ ᠶᠢᠨ ᠪᠣᠳᠣᠯᠭ᠎ᠠ ᠶᠢᠨ | ᠪᠠᠲᠤᠯᠠᠭ᠎ᠠ᠂ ᠤᠶᠢᠯᠡᠴᠢᠯᠡᠭᠡᠨ ᠤ ᠵᠢᠱᠢᠶ᠎ᠡ ᠦᠵᠡᠭᠦᠯᠬᠦ᠂ ᠴᠢᠳᠠᠪᠤᠷᠢᠲᠠᠨ ᠤ ᠲᠤᠯᠭᠠᠭᠤᠷᠢᠯᠠᠯ᠂ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ᠂ ᠲᠣᠭᠠᠴᠢᠯᠠᠭᠰᠠᠨ ᠨᠦᠭᠦᠴᠡᠯ ᠪᠤᠯᠤᠯᠴᠠᠭ᠎ᠠ ᠪᠦᠷᠢᠯᠳᠦᠭᠦᠯᠬᠦ︾ ᠲᠤᠯᠤᠭᠠᠨ ᠶᠡᠭᠡ | ᠠᠵᠢᠯᠯᠠᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠣᠯᠠᠨ ᠰᠠᠯᠠᠭ᠎ᠠ ᠮᠥᠴᠢᠷ᠂ ᠣᠯᠠᠨ ᠬᠥᠳᠡᠯᠭᠡᠭᠦᠷ ᠪᠣᠯᠭᠠᠭᠰᠠᠨ᠂ | ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ︽ᠳᠥᠷᠪᠡᠨ ᠣᠯᠠᠨ ᠲᠣᠭᠲᠠᠴᠠ︾ ᠶᠢ ᠪᠠᠶᠢᠭᠤᠯᠵᠤ᠂ ᠬᠡᠤᠬᠡᠳ | ᠰᠠᠭᠠᠲᠠᠭᠤᠯᠬᠤ ᠤᠶᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠣᠨᠴᠠᠯᠢᠭ ᠢ ᠬᠡᠤᠬᠡᠳ ᠰᠠᠭᠠᠲᠠᠭᠤᠯᠬᠤ ᠦᠢᠯᠡᠴᠢᠯᠡᠭᠡ ᠳᠤ ᠠᠭᠤᠰᠤᠯᠴᠠᠭᠤᠯᠬᠤ ᠶᠢ ᠰᠦᠪᠡᠭᠴᠢᠯᠡᠵᠦ᠂ ᠬᠡᠤᠬᠡᠳ | ᠰᠠᠭᠠᠲᠠᠭᠤᠯᠬᠤ ᠦᠢᠯᠡᠴᠢᠯᠡᠭᠡ ᠶᠢᠨ ᠶᠠᠰᠤ ᠴᠢᠨᠠᠷ ᠠᠮᠤᠷ ᠲᠦᠪᠰᠢᠨ ᠢ ᠲᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯᠠᠯ | ᠤᠨ ᠬᠡᠤᠬᠡᠳ ᠰᠠᠭᠠᠲᠠᠭᠤᠯᠬᠤ ᠣᠷᠣᠨ ᠲᠤᠭ᠎ᠠ᠂ ᠦᠨᠡᠮᠯᠡᠯ ᠲᠠᠢ ᠠᠵᠢᠯ ᠡᠷᠭᠢᠯᠡᠭᠰᠡᠳ ᠤᠨ ᠲᠤᠭ᠎ᠠ᠂ ᠣᠷᠣᠨ | ᠪᠠᠶᠢᠷᠢ ᠶᠢᠨ ᠬᠡᠷᠡᠭᠯᠡᠯᠲᠡ ᠶᠢᠨ ᠨᠣᠷᠮ᠎ᠠ᠂ ᠤᠶᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ︽ᠳᠥᠷᠪᠡ ᠶᠢ | ᠳᠡᠭᠡᠭᠰᠢᠯᠡᠭᠦᠯᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ | ᠬᠡᠷᠡᠭᠵᠢᠭᠦᠯᠦᠨ᠎ᠡ᠃ | 1. ᠵᠠᠷᠤᠳ ᠬᠤᠰᠢᠭᠤᠨ ᠤ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠨ᠎ᠠ᠃ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠳᠤ ᠲᠦᠰᠢᠭᠯᠡᠨ᠂ ᠵᠣᠬᠢᠬᠤ ᠬᠡᠪᠴᠢᠶᠡᠨ ᠤ ᠬᠡᠤᠬᠡᠳ ᠰᠠᠭᠠᠲᠠᠭᠤᠯᠬᠤ ᠭᠠᠵᠠᠷ ᠭᠠᠷᠭᠠᠵᠤ᠂ ᠬᠡᠤᠬᠡᠳ | ᠰᠠᠭᠠᠲᠠᠭᠤᠯᠬᠤ ᠠᠵᠢᠯ ᠡᠷᠭᠢᠯᠡᠭᠰᠡᠳ ᠤᠨ ᠪᠣᠯᠪᠠᠰᠤᠷᠠᠭᠤᠯᠤᠯ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠯᠠᠪᠯᠠᠭ᠎ᠠ᠂ ᠭᠡᠷ ᠪᠦᠯᠢ ᠶᠢᠨ ᠠᠰᠠᠷᠠᠨ ᠬᠥᠮᠦᠵᠢᠭᠦᠯᠬᠦ ᠵᠢᠯᠣᠭᠤᠳᠣᠯᠭ᠎ᠠ ᠵᠢᠴᠢ ᠨᠢᠯᠬ᠎ᠠ ᠬᠡᠤᠬᠡᠳ ᠢ | ᠡᠷᠲᠡ ᠬᠥᠭᠵᠢᠭᠦᠯᠬᠦ ᠵᠡᠷᠭᠡ ᠦᠢᠯᠡᠴᠢᠯᠡᠭᠡ ᠬᠠᠩᠭᠠᠨ᠎ᠠ᠃ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠎ᠡ᠃ | 2. ᠵᠠᠷᠤᠳ ᠬᠤᠰᠢᠭᠤᠨ ᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠯᠣᠭᠤᠳᠬᠤ ᠲᠥᠪ ᠤᠨ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ︽ᠲᠦᠩᠯᠢᠶᠣᠤ ᠬᠤᠲᠠ ᠶᠢᠨ ᠲᠦᠭᠡᠮᠡᠯ | ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ | ᠵᠤᠶᠢᠯ ᠤᠨ ᠬᠡᠷᠡᠭᠵᠢᠭᠦᠯᠬᠦ ᠲᠥᠰᠦᠯ︾ ᠶᠣᠰᠣᠭᠠᠷ᠂ ᠪᠣᠳᠠᠲᠠᠶ ᠳᠤ ᠨᠡᠶᠢᠴᠡᠭᠰᠡᠨ᠂ ᠪᠠᠷᠢᠮᠵᠢᠶ᠎ᠠ ᠳᠤ ᠬᠦᠷᠦᠭᠦᠯᠦᠭᠰᠡᠨ | ᠵᠢᠷᠤᠮᠵᠢᠭᠰᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠤᠶᠢᠯᠡᠳᠤᠯ ᠲᠠᠢ᠂ | ᠵᠣᠬᠢᠬᠤ ᠵᠢᠭᠠᠨ ᠵᠢᠯᠣᠭᠤᠳᠬᠤ ᠴᠢᠳᠠᠮᠵᠢ ᠶᠢ ᠡᠭᠦᠷᠭᠡᠯᠡᠭᠰᠡᠨ ᠬᠤᠰᠢᠭᠤᠨ ᠤ ᠬᠡᠤᠬᠡᠳ ᠰᠠᠭᠠᠲᠠᠭᠤᠯᠬᠤ ᠵᠢᠯᠣᠭᠤᠳᠬᠤ | ᠲᠥᠪ ᠢ ᠪᠠᠶᠢᠭᠤᠯᠤᠨ᠎ᠠ᠃ | ︵ᠬᠤᠶᠠᠷ︶ ᠡᠬᠢ ᠪᠠᠶᠠᠯᠢᠭ ᠢ ᠠᠮᠢᠳᠤᠯᠢᠭ ᠪᠣᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 3. ︽ᠨᠢᠭᠡ ᠪᠠᠯᠭᠠᠰᠤ ︵ᠵᠡᠭᠡᠯᠢ︶ ᠨᠢᠭᠡ ᠥᠷᠲᠡᠭᠡ ︵ᠭᠠᠵᠠᠷ︶︾ ᠶᠢᠨ ᠬᠡᠦᠬᠡᠳ ᠰᠠᠭᠠᠲᠠᠭᠤᠯᠬᠤ | ᠪᠠᠶᠢᠭᠤᠯᠤᠮᠵᠢ ᠶᠢᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠵᠦ᠂ ᠬᠡᠦᠬᠡᠳ ᠤᠨ ᠴᠡᠴᠡᠷᠯᠢᠭ ᠤᠨ 2 —3 ᠨᠠᠰᠤᠨ ᠤ ᠬᠡᠦᠬᠡᠳ ᠢ | ᠡᠯᠰᠡᠬᠦ ᠠᠵᠢᠯ ᠢ ᠠᠬᠢᠭᠤᠯᠤᠨ᠂ 2024 ᠣᠨ ᠳᠤ ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢ ᠠᠳᠠᠭ ᠲᠠᠭᠠᠨ 2 ᠪᠠᠶᠢᠭᠤᠯᠵᠤ᠂ ᠪᠦᠬᠦ ᠬᠤᠰᠢᠭᠤᠨ ᠤ ᠬᠡᠦᠬᠡᠳ | ᠰᠠᠭᠠᠲᠠᠭᠤᠯᠬᠤ ᠣᠷᠣᠨ ᠲᠤᠭ᠎ᠠ ᠶᠢ 1091 ᠪᠣᠯᠭᠠᠵᠤ᠂ ᠮᠢᠩᠭᠠᠨ ᠬᠥᠮᠦᠨ ᠠᠮᠠ ᠨᠢᠭᠡᠪᠦᠷᠢ ᠶᠢᠨ ᠨᠠᠶᠢᠳᠠᠬᠤ | ᠲᠤᠭ᠎ᠠ ᠶᠢ 4.44 % ᠳᠤ ᠬᠦᠷᠦᠭᠦᠯᠵᠦ᠂ ᠪᠥᠬᠦ ᠬᠤᠰᠢᠭᠤᠨ ᠤ 18 ᠰᠤᠮᠤ ᠪᠠᠯᠭᠠᠰᠤ ᠲᠠᠯᠠᠪᠠᠶ ᠶᠢᠨ ᠬᠡᠤᠬᠡᠳ | ᠰᠠᠭᠠᠲᠠᠭᠤᠯᠬᠤ ᠪᠠᠶᠢᠭᠤᠯᠤᠮᠵᠢ ᠶᠢᠨ ᠬᠤᠭᠤᠰᠣᠨ ᠢ ᠨᠥᠬᠦᠪᠥᠷᠢᠯᠡᠵᠦ᠂ ᠬᠠᠩᠭᠠᠯᠭ᠎ᠠ ᠶᠢᠨ ᠲᠤᠳᠠᠭᠳᠠᠯ ᠢ | ᠨᠥᠬᠦᠪᠥᠷᠢᠯᠡᠨ᠂ ᠪᠥᠬᠦ ᠬᠤᠰᠢᠭᠤᠨ ᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠪᠦᠷᠢᠨ | ᠪᠦᠷᠬᠦᠭᠦᠯᠬᠦ ᠶᠢ ᠠᠬᠢᠭᠤᠯᠤᠨ᠎ᠠ᠃ | 4. ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠲᠤᠳᠠᠭᠳᠠᠯ ᠢ ᠨᠥᠬᠦᠪᠥᠷᠢᠯᠡᠨ᠎ᠡ᠃ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠤᠯᠠ ᠪᠠᠶᠢᠭ᠎ᠠ | ᠲᠠᠯᠠᠪᠤᠷ ᠪᠤᠶᠤ ᠨᠠᠮ ᠪᠠ ᠣᠯᠠᠨ ᠲᠦᠮᠡᠨ ᠳᠤ ᠤᠶᠢᠯᠡᠴᠢᠯᠡᠬᠦ ᠲᠥᠪ ᠵᠡᠷᠭᠡ ᠣᠲᠣ ᠶᠢᠨ ᠪᠠᠶᠢᠭ᠎ᠠ ᠰᠠᠭᠤᠷᠢ | ᠪᠡᠯᠡᠳᠬᠡᠮᠵᠢ ᠶᠢ ᠠᠰᠢᠭᠯᠠᠨ᠂ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠬᠥᠮᠦᠵᠢᠯ ᠤᠨ ᠪᠠᠶᠢᠭᠤᠯᠤᠯᠲᠠ ᠶᠢ | ᠠᠬᠢᠭᠤᠯᠵᠤ᠂ ᠬᠡᠷ ᠪᠦᠯᠢ ᠶᠢᠨ ᠬᠡᠤᠬᠡᠳ ᠰᠠᠭᠠᠲᠠᠭᠤᠯᠬᠤ ᠬᠠᠮᠢᠶᠠᠷᠤᠯᠲᠠ ᠪᠠ ᠦᠢᠯᠡᠴᠢᠯᠡᠭᠡᠨ ᠤ ᠵᠠᠭᠪᠤᠷ ᠢ ᠬᠠᠶᠢᠨ | ᠰᠦᠪᠡᠭᠴᠢᠯᠡᠵᠦ᠂ ᠰᠠᠭᠤᠭᠠᠯᠢ ᠠᠷᠠᠳ ᠲᠤ ᠳᠥᠭᠦᠮ ᠳᠥᠲᠡ ᠬᠡᠤᠬᠡᠳ ᠰᠠᠭᠠᠲᠠᠭᠤᠯᠬᠤ ᠦᠢᠯᠡᠴᠢᠯᠡᠭᠡ ᠬᠠᠩᠭᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | 5. ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠥᠷᠥᠯ | ᠵᠤᠶᠢᠯ ᠢ ᠥᠷᠨᠢᠭᠦᠯᠦᠨ᠎ᠡ᠃ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠭᠠᠶᠢᠯᠢ ᠰᠦᠢᠳᠬᠡᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠶ ᠬᠡᠷᠡᠭᠯᠡᠬᠦ᠂ ᠢᠯᠴᠢ ᠬᠡᠷᠡᠭᠯᠡᠬᠦ ᠳᠤ ᠰᠠᠭᠤᠭᠠᠯᠢ ᠠᠷᠠᠳ ᠤᠨ | ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠢ ᠨᠠᠶᠢᠳᠠᠪᠤᠷᠢᠵᠢᠭᠤᠯᠵᠦ᠂ ᠨᠡᠶᠢᠭᠡᠮ ᠲᠣᠭᠤᠷᠢᠭ ᠲᠤ ᠬᠡᠤᠬᠡᠳ | ᠰᠠᠭᠠᠲᠠᠭᠤᠯᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ᠳᠤ᠂ ᠲᠣᠭᠲᠠᠭᠠᠯ ᠶᠣᠰᠣᠭᠠᠷ ᠬᠡᠷ ᠬᠥᠷᠥᠩᠭᠡ᠂ ᠭᠠᠵᠠᠷ | ᠰᠢᠷᠣᠶ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠭᠡᠨ᠎ᠡ᠃ ᠲᠦᠭᠡᠮᠡᠯ | ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠨ᠎ᠡ ᠬᠠᠩᠰᠢ ᠪᠠ ᠨᠥᠬᠦᠪᠥᠷᠢ ᠶᠢᠨ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠪᠣᠳᠠᠲᠠᠶ ᠴᠡᠴᠡᠷᠯᠢᠭ ᠲᠤ ᠤᠷᠤᠭᠰᠠᠨ ᠲᠦᠭᠡᠮᠡᠯ ᠬᠠᠷᠠᠭᠠᠯᠵᠠᠯ ᠤᠨ ᠣᠷᠣᠨ ᠪᠠᠶᠢᠷᠢ ᠳᠤ ᠵᠢᠯ | ᠪᠦᠷᠢ 300 ᠲᠥᠭᠦᠷᠢᠭ ᠤᠨ ᠡᠵᠡᠩᠨᠡᠯᠲᠡ ᠶᠢᠨ ᠨᠥᠬᠦᠪᠥᠷᠢ ᠣᠯᠭᠤᠵᠤ᠂ ᠤᠯᠤᠰ ᠤᠨ ᠲᠠᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠤᠬᠡᠳ ᠰᠠᠭᠠᠲᠠᠭᠤᠯᠬᠤ ᠪᠠᠶᠢᠭᠤᠯᠤᠮᠵᠢ ᠳᠤ ᠨᠢᠭᠡ ᠯᠡ ᠤᠳᠠᠭ᠎ᠠ ᠳᠤ 8 | ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠵᠠᠰᠠᠭ ᠤᠨ ᠣᠷᠳᠣᠨ ᠤ ᠱᠠᠩᠨᠠᠯ ᠤᠨ ᠴᠢᠨᠠᠷᠲᠠᠶ ᠨᠥᠬᠦᠪᠥᠷᠢ | ᠣᠯᠭᠤᠨ᠎ᠠ᠃ ︽ᠲᠦᠩᠯᠢᠶᠣᠤ ᠬᠤᠲᠠ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ | ᠠᠷᠭ᠎ᠠ ᠬᠡᠮᠵᠢᠶ᠎ᠡ ᠨᠦᠭᠦᠳ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠨᠡᠶᠢᠲᠡᠯᠡᠭᠰᠡᠨ ︽ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢ ᠦᠨᠡᠯᠡᠨ | ᠵᠢᠱᠢᠬᠦ ᠪᠠᠷᠢᠮᠵᠢᠶ᠎ᠠ︾ ᠶᠢᠨ ᠶᠣᠰᠣᠭᠠᠷ᠂ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠬᠠᠮᠢᠶᠠᠷᠤᠯᠲᠠ ᠶᠢ | ᠵᠢᠷᠤᠮᠵᠢᠭᠤᠯᠬᠤ᠂ ᠡᠵᠡᠩᠨᠡᠬᠦ ᠶᠢ ᠲᠤᠰᠬᠠᠶᠢᠵᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠡᠰᠢ ᠬᠥᠭᠵᠢᠭᠦᠯᠬᠦ ᠶᠢ | ᠠᠬᠢᠭᠤᠯᠤᠨ᠎ᠠ᠃ | ︵ᠲᠦᠷᠪᠡ︶ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ | 6. ᠲᠦᠩᠯᠢᠶᠣᠤ ᠬᠤᠲᠠ ᠶᠢᠨ ︽ᠠᠨᠠᠷ ᠤᠨ ᠦᠷ᠎ᠡ︾ ᠨᠠᠷᠠᠲᠤ ᠲᠡᠮᠳᠡᠭ ᠤᠨ ᠬᠡᠤᠬᠡᠳ ᠰᠠᠭᠠᠲᠠᠭᠤᠯᠬᠤ | ᠵᠢᠱᠢᠶ᠎ᠡ ᠦᠵᠡᠭᠦᠯᠬᠦ ᠴᠡᠭ ᠢ ᠴᠢᠷᠮᠠᠶᠢᠨ ᠪᠠᠶᠢᠭᠤᠯᠤᠨ᠎ᠠ᠃ ᠲᠦᠩᠯᠢᠶᠣᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠲᠦᠩᠯᠢᠶᠣᠤ ᠬᠤᠲᠠ ᠶᠢᠨ ︿ᠠᠨᠠᠷ ᠤᠨ ᠦᠷ᠎ᠡ﹀ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠲᠤᠬᠠᠶ ᠮᠡᠳᠡᠭᠳᠡᠯ︾ ︵ | ᠲᠦᠩᠯᠢᠶᠣᠤ ᠡᠷᠡᠭᠦᠯ ᠬᠠᠮᠠᠭᠠᠯᠠᠯ ᠡᠷᠡᠭᠦᠯ ᠮᠡᠨᠳᠦ ︹2020︺ 15 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠵᠠᠷᠤᠳ ᠬᠤᠰᠢᠭᠤᠨ ᠤ ᠨᠢᠭᠡᠳᠦᠭᠡᠷ ᠬᠡᠤᠬᠡᠳ ᠤᠨ ᠴᠡᠴᠡᠷᠯᠢᠭ ᠢ ᠲᠦᠩᠯᠢᠶᠣᠤ ᠬᠤᠲᠠ ᠶᠢᠨ ︽ | ᠠᠨᠠᠷ ᠤᠨ ᠦᠷ᠎ᠡ︾ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠢᠶᠠᠷ ᠪᠠᠲᠤᠯᠠᠨ | ᠲᠠᠨᠢᠯᠴᠠᠭᠤᠯᠪᠠ᠃ | 7. ᠲᠦᠩᠯᠢᠶᠣᠤ ᠬᠤᠲᠠ ᠶᠢᠨ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠴᠡᠭ ᠢ ᠴᠢᠷᠮᠠᠶᠢᠨ ᠡᠭᠦᠳᠦᠨ᠎ᠡ᠃ ᠲᠦᠩᠯᠢᠶᠣᠤ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽︿2024 ᠣᠨ ᠤ ᠲᠦᠩᠯᠢᠶᠣᠤ | ᠬᠤᠲᠠ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ | ᠡᠭᠦᠳᠦᠨ ᠪᠠᠶᠢᠭᠤᠯᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠦᠩᠯᠢᠶᠣᠤ | ᠡᠷᠡᠭᠦᠯ ᠬᠠᠮᠠᠭᠠᠯᠠᠯ ᠡᠷᠡᠭᠦᠯ ᠮᠡᠨᠳᠦ ﹇2020﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠳ᠋ᠠ | ᠹᠧᠩ ᠴᠧ ᠳ᠋ᠦᠩ ᠹᠠᠩ ᠮᠢᠩ ᠴᠧᠩ ᠬᠡᠤᠬᠡᠳ ᠤᠨ ᠴᠡᠴᠡᠷᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 0 | - 3 ᠨᠠᠰᠤᠲᠠᠶ ᠬᠡᠤᠬᠡᠳ ᠰᠠᠭᠠᠲᠠᠭᠤᠯᠬᠤ ᠲᠥᠪ ᠨᠢ ᠲᠦᠩᠯᠢᠶᠣᠤ ᠬᠤᠲᠠ ᠶᠢᠨ ᠬᠡᠤᠬᠡᠳ ᠰᠠᠭᠠᠲᠠᠭᠤᠯᠬᠤ | ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠴᠡᠭ ᠢᠶᠠᠷ ᠪᠠᠳᠤᠯᠠᠨ ᠲᠠᠨᠢᠯᠴᠠᠭᠤᠯᠪᠠ᠃ | 8. ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ | ᠵᠢᠱᠢᠶ᠎ᠡ ᠦᠵᠡᠭᠦᠯᠬᠦ ᠴᠡᠭ ᠤᠨ ᠲᠥᠷᠥᠯ ᠵᠦᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | 9. ︽ᠡᠮᠴᠢᠯᠡᠭᠡ ᠬᠥᠮᠦᠵᠢᠯ ᠢ ᠤᠶᠠᠯᠳᠤᠭᠤᠯᠬᠤ︾ ᠦᠢᠯᠡᠴᠢᠯᠡᠭᠡᠨ ᠤ ᠵᠠᠭᠪᠤᠷ ᠢ ᠥᠷᠨᠢᠭᠦᠯᠦᠨ᠎ᠡ᠃ | ᠡᠮᠴᠢᠯᠡᠭᠡᠨ ᠤ ᠪᠠᠶᠢᠭᠤᠯᠤᠮᠵᠢ ᠪᠠ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠭᠡᠷ᠎ᠡ ᠲᠣᠭᠲᠠᠭᠰᠠᠨ | ᠬᠠᠮᠲᠤᠷᠠᠯᠴᠠᠭ᠎ᠠ ᠶᠢ ᠥᠷᠨᠢᠭᠦᠯᠵᠦ᠂ ᠬᠡᠤᠬᠡᠳ ᠤᠨ ᠰᠠᠯᠠᠭᠠᠨ ᠤ ᠰᠢᠯᠢᠳᠡᠭ ᠡᠮᠴᠢ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠩᠭᠤᠨ ᠲᠣᠮᠢᠯᠠᠵᠤ ᠬᠡᠤᠬᠡᠳ ᠰᠠᠭᠠᠲᠠᠭᠤᠯᠬᠤ ᠪᠠᠶᠢᠭᠤᠯᠤᠮᠵᠢ ᠳᠤ ᠣᠴᠢᠭᠤᠯᠤᠨ | ᠵᠢᠯᠣᠭᠤᠳᠣᠯᠭ᠎ᠠ ᠪᠠ ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠢᠯᠣᠭᠤᠳᠣᠯᠭ᠎ᠠ ᠥᠷᠨᠢᠭᠦᠯᠦᠨ᠎ᠡ | ᠃ ᠪᠥᠬᠦ ᠬᠤᠰᠢᠭᠤᠨ ᠤ ᠣᠲᠣ ᠶᠢᠨ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠭᠦᠢᠴᠡᠳ | ᠪᠠᠳᠠᠷᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠠᠰᠢᠭᠯᠠᠨ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠣᠭᠢᠷᠠᠬᠤ ᠮᠡᠷᠭᠡᠵᠢᠯ ᠢ ᠳᠡᠯᠭᠡᠷᠡᠭᠦᠯᠵᠦ᠂ ᠬᠢᠲᠠᠳ | ᠮᠣᠩᠭᠤᠯ ᠡᠮᠨᠡᠯᠭᠡ ᠶᠢᠨ ᠤᠨᠴᠠᠯᠢᠭᠳᠤ ᠵᠠᠰᠠᠯ ᠢ ᠪᠠᠳᠠᠷᠠᠭᠤᠯᠤᠨ᠂ ᠬᠡᠤᠬᠡᠳ ᠢ ᠢᠯᠢᠭᠦ᠂ ᠨᠤᠬᠤᠯᠠᠬᠤ᠂ ᠨᠠᠭᠠᠬᠤ ᠵᠡᠷᠭᠡ | ᠦᠢᠯᠡᠴᠢᠯᠡᠭᠡ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠨᠢᠯᠬ᠎ᠠ ᠬᠡᠤᠬᠡᠳ ᠲᠤ ᠡᠪᠡᠳᠴᠢᠨ ᠦᠵᠡᠭᠦᠯᠬᠦ | ᠰᠠᠶᠢᠨ ᠰᠠᠶᠢᠬᠠᠨ ᠣᠷᠴᠢᠨ ᠲᠣᠭᠤᠷᠢᠨ ᠪᠠ ᠡᠪᠡᠳᠴᠢᠨ ᠦᠵᠡᠭᠦᠯᠬᠦ ᠣᠶᠢᠯᠠᠭᠠᠯᠲᠠ ᠶᠢ ᠬᠠᠮᠲᠤᠪᠠᠷ ᠪᠣᠶ ᠪᠣᠯᠭᠠᠨ᠎ᠠ᠃ | ︵ᠲᠠᠪᠤ︶ ᠴᠢᠳᠠᠪᠤᠷᠢᠲᠠᠨ ᠪᠠᠷ ᠲᠤᠯᠭᠠᠭᠤᠷᠢᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 10. ᠬᠡᠦᠬᠡᠳ ᠰᠠᠭᠠᠲᠠᠭᠤᠯᠬᠤ ᠠᠵᠢᠯ ᠡᠷᠭᠢᠯᠡᠭᠰᠡᠳ ᠤᠨ ᠪᠤᠯᠪᠠᠰᠤᠷᠠᠯ ᠪᠦᠬᠦᠨ ᠢ ᠬᠠᠮᠤᠷᠬᠤ ᠶᠢ ᠥᠷᠨᠢᠭᠦᠯᠦᠨ᠎ᠡ᠃ | ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠳᠤ ᠲᠦᠰᠢᠭᠯᠡᠨ᠂ ᠨᠢᠯᠬ᠎ᠠ ᠬᠡᠦᠬᠡᠳ ᠤᠨ ᠠᠩᠬᠠᠨ ᠤ ᠬᠥᠭᠵᠢᠯᠲᠡ᠂ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ᠂ ᠵᠢᠯ | ᠪᠦᠷᠢ ᠨᠢᠭᠡ ᠤᠳᠠᠭ᠎ᠠ ᠠᠴᠠ ᠳᠡᠭᠡᠭᠰᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠣᠯᠪᠠᠰᠤᠷᠠᠭᠤᠯᠤᠯ ᠢ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠪᠦᠬᠦᠯᠢ ᠴᠣᠭᠴᠠ ᠶᠢᠨ ᠬᠡᠪ ᠴᠢᠨᠠᠷ ᠪᠠ | ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠨᠢᠯᠬ᠎ᠠ ᠬᠡᠦᠬᠡᠳ ᠤᠨ ᠡᠷᠡᠭᠦᠯ ᠢᠶᠠᠷ ᠦᠰᠦᠨ | ᠪᠤᠶᠢᠵᠢᠬᠤ ᠳᠤ ᠬᠦᠴᠦᠨ ᠨᠡᠮᠡᠷᠢᠯᠡᠨ᠎ᠡ᠃ | ︵ᠵᠢᠷᠭᠤᠭ᠎ᠠ︶ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠠᠬᠢᠭᠤᠯᠤᠨ᠎ᠠ᠃ | 11. ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠥᠷᠨᠢᠭᠦᠯᠦᠨ᠎ᠡ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠠᠷᠠᠭᠠᠨ ᠳᠠᠪᠲᠠᠮᠵᠢ ᠶᠢᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠴᠡᠭ ᠨᠡᠮᠡᠵᠦ᠂ ᠭᠥᠯᠢᠶᠡᠨ ᠠᠪᠬᠤ ᠲᠠᠯᠠᠪᠤᠷ ᠭᠠᠵᠠᠷ᠂ | ᠠᠵᠢᠯᠯᠠᠬᠤ ᠲᠠᠯᠠᠪᠤᠷ ᠭᠠᠵᠠᠷ᠂ ᠨᠢᠯᠬ᠎ᠠ ᠬᠡᠤᠬᠡᠳ ᠤᠨ ᠠᠮᠢᠳᠤᠷᠠᠯ ᠤᠨ ᠬᠡᠷ ᠪᠠ ᠬᠡᠷ ᠤᠨ ᠳᠣᠲᠣᠷ᠎ᠠ ᠭᠠᠳᠠᠨᠠᠬᠢ | ᠬᠥᠳᠡᠯᠭᠡᠭᠡᠨ ᠤ ᠲᠠᠯᠠᠪᠤᠷ ᠭᠠᠵᠠᠷ ᠢ ᠬᠠᠮᠤᠷᠤᠨ᠎ᠠ᠃ ᠬᠢᠨᠠᠨ ᠡᠵᠡᠮᠳᠡᠬᠦ ᠲᠦᠭᠰᠢᠭᠦᠷᠢ ᠮᠡᠳᠡᠭᠡᠯᠡᠬᠦ ᠰᠢᠰᠲ᠋ᠧᠮ ᠢ ᠲᠠᠰ | ᠳᠡᠪᠰᠢᠭᠦᠯᠵᠦ᠂ 24 ᠴᠠᠭ ᠤᠨ ᠳᠣᠲᠣᠷ᠎ᠠ ᠰᠡᠷᠭᠡᠶᠢᠯᠡᠬᠦ ᠶᠢ ᠦᠨᠡᠨ ᠬᠦ ᠪᠠᠲᠤᠯᠠᠵᠤ᠂ ᠨᠢᠭᠡ ᠳᠠᠷᠤᠪᠴᠢᠲᠤ ᠮᠠᠶ᠋ᠢᠭ ᠤᠨ | ᠲᠦᠭᠰᠢᠭᠦᠷᠢ ᠮᠡᠳᠡᠭᠦᠯᠬᠦ᠂ ᠤᠶᠤᠨᠲᠤ ᠡᠭᠦᠳᠡᠨ ᠬᠤᠷᠢᠭ᠎ᠠ᠂ ᠠᠵᠢᠯ ᠳᠤ ᠭᠠᠷᠬᠤ ᠶᠢ ᠲᠡᠮᠳᠡᠭᠯᠡᠬᠦ ᠪᠠ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠠᠰ ᠳᠡᠪᠰᠢᠭᠦᠯᠦᠨ ᠤᠭᠰᠠᠷᠠᠵᠤ᠂ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠵᠡᠷᠭᠡ ᠶᠢ ᠨᠥᠬᠦᠪᠥᠷᠢᠯᠡᠨ ᠳᠣᠭᠢᠷᠠᠭᠤᠯᠤᠨ᠎ᠠ᠃ | 12. ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠤᠬᠠᠭᠤᠯᠭ᠎ᠠ ᠶᠢ | ᠴᠢᠩᠭᠠᠷᠠᠭᠤᠯᠤᠨ᠎ᠠ᠃ ᠰᠣᠨᠢᠨ ᠮᠡᠳᠡᠭᠡᠨ ᠤ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ᠂ ᠤᠳᠬ᠎ᠠ ᠤᠷᠠᠯᠢᠭ ᠤᠨ | ᠤᠬᠠᠭᠤᠯᠭ᠎ᠠ ᠵᠡᠷᠭᠡ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠷᠤᠭᠯᠠᠬᠤ ᠪᠠ ᠬᠡᠦᠬᠡᠳ ᠠᠪᠬᠤ ᠵᠥᠪ | ᠣᠨᠣᠪᠴᠢᠲᠠᠶ ᠦᠵᠡᠯᠲᠡ᠂ ᠭᠡᠷ ᠪᠦᠯᠢ ᠶᠢᠨ ᠦᠵᠡᠯᠲᠡ ᠶᠢ ᠬᠥᠲᠥᠯᠥᠨ ᠵᠢᠯᠤᠭᠤᠳᠤᠨ᠎ᠠ᠃ ᠬᠡᠤᠬᠡᠳ ᠰᠠᠭᠠᠲᠠᠭᠤᠯᠬᠤ | ᠲᠥᠷᠥ ᠶᠢᠨ ᠪᠣᠳᠣᠯᠭ᠎ᠠ ᠶᠢᠨ ᠤᠶᠢᠯᠡᠴᠢᠯᠡᠭᠡ ᠶᠢ ︽ᠬᠡᠷ ᠪᠦᠯᠢ᠂ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ᠂ | ᠪᠠᠶᠢᠭᠤᠯᠭ᠎ᠠ ᠳᠤ ᠣᠷᠣᠭᠤᠯᠬᠤ︾ ᠲᠦᠷᠪᠡᠨ ᠳᠤ ᠣᠷᠣᠭᠤᠯᠬᠤ ᠠᠵᠢᠯᠯᠠᠭ᠎ᠠ ᠶᠢ ᠠᠬᠢᠭᠤᠯᠵᠤ᠂ ᠠᠷᠠᠳ ᠣᠯᠠᠨ ᠤ | ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠦᠨ᠎ᠡ᠃ | ︵ᠳᠤᠯᠤᠭ᠎ᠠ︶ ᠲᠤᠭᠠᠴᠢᠯᠠᠭᠰᠠᠨ ᠨᠦᠬᠦᠴᠡᠯ ᠪᠤᠯᠤᠯᠴᠠᠭ᠎ᠠ ᠬᠠᠩᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 13. ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠤᠶᠤᠨᠳᠤ + ᠢ ᠥᠷᠭᠡᠳᠬᠡᠨ᠎ᠡ᠃ ᠲᠦᠭᠡᠮᠡᠯ ᠬᠠᠷᠠᠭᠠᠯᠵᠠᠯᠲᠤ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠲᠡᠭᠦᠯᠳᠡᠷᠵᠢᠭᠦᠯᠵᠦ᠂ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠪᠥᠬᠦ ᠲᠠᠯ᠎ᠠ ᠪᠠᠷ ᠵᠣᠯᠭᠠᠭᠤᠯᠵᠤ᠂ ᠡᠯ᠎ᠡ ᠬᠡᠤᠬᠡᠳ | ᠰᠠᠭᠠᠲᠠᠭᠤᠯᠬᠤ ᠪᠠᠶᠢᠭᠤᠯᠤᠮᠵᠢ ᠶᠢ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠤᠰ | ᠦᠢᠯᠡᠴᠢᠯᠡᠭᠡ ᠪᠠ ᠬᠢᠨᠠᠨ ᠬᠠᠮᠢᠶᠠᠷᠴᠤ ᠬᠢᠨᠠᠨ ᠬᠡᠮᠵᠢᠬᠦ ᠶᠢ ᠬᠡᠷᠡᠭᠵᠢᠭᠦᠯᠦᠨ᠂ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠲᠤᠭᠠᠴᠢᠯᠠᠭᠰᠠᠨ᠂ ᠤᠶᠤᠨᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ | ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠬᠠᠷᠢᠭᠤᠴᠠᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ | ᠂ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠡᠯ᠎ᠡ ᠪᠦᠷᠢᠯᠳᠦᠬᠦᠨ ᠨᠢᠭᠡᠴᠡ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠬᠢᠭᠤᠯᠬᠤ ᠡᠭᠦᠷᠭᠡ ᠶᠢ ᠲᠣᠳᠣᠷᠬᠠᠶᠢᠯᠠᠨ᠂ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠪᠠ ᠲᠥᠷᠥᠯ ᠵᠦᠢᠯ ᠢ ᠬᠡᠷᠡᠭᠵᠢᠭᠦᠯᠬᠦ ᠳᠤᠮᠳᠠ ᠣᠷᠣᠰᠢᠵᠤ | ᠪᠠᠶᠢᠭ᠎ᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠨ᠎ᠡ᠃ | ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠣᠳᠠᠲᠠᠶ ᠡᠭᠦᠷᠭᠡ ᠲᠠᠢ ᠪᠠᠨ | ᠤᠶᠠᠯᠳᠤᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠤᠨ᠂ ᠪᠡᠯᠡ ᠮᠥᠩᠭᠦ ᠶᠢ ᠬᠢᠨᠠᠨ ᠬᠠᠮᠢᠶᠠᠷᠴᠤ ᠬᠡᠷᠡᠭᠯᠡᠬᠦ ᠶᠢ ᠴᠢᠩᠭᠠᠷᠠᠭᠤᠯᠤᠨ᠎ᠠ᠃ ᠪᠠᠯᠠ | ᠮᠥᠩᠭᠦ ᠶᠢᠨ ᠬᠡᠷᠡᠭᠯᠡᠯᠲᠡ᠂ ᠠᠮᠵᠢᠯᠲᠠ ᠪᠦᠲᠦᠮᠵᠢ ᠶᠢᠨ ᠦᠨᠡᠯᠡᠯᠲᠡ᠂ ᠲᠥᠷᠥᠯ ᠵᠦᠢᠯ ᠢ ᠬᠢᠨᠠᠨ ᠪᠣᠳᠣᠬᠤ ᠵᠡᠷᠭᠡ | ᠲᠠᠯ᠎ᠠ ᠪᠠᠷ ᠶᠣᠰᠣ ᠲᠦᠷᠢᠮ ᠲᠣᠭᠲᠠᠭᠠᠵᠤ᠂ ᠵᠢᠷᠤᠮᠵᠢᠯ ᠢ ᠠᠬᠢᠭᠤᠯᠬᠤ ᠶᠢ ᠦᠨᠡᠨᠬᠦ ᠪᠠᠲᠤᠯᠠᠵᠤ᠂ ᠵᠢᠱᠢᠶ᠎ᠡ ᠦᠵᠡᠭᠦᠯᠬᠦ | ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠳᠤᠯᠠᠨ᠎ᠠ᠃ | ︵ᠭᠤᠷᠪᠠ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠪᠥᠬᠦ ᠲᠠᠯ᠎ᠠ ᠪᠠᠷ ᠣᠷᠣᠭᠤᠯᠵᠤ᠂ ᠪᠠᠶᠢᠭᠤᠯᠬᠤ | ᠠᠴᠠ ᠡᠮᠦᠨᠡᠬᠢ᠂ ᠪᠠᠶᠢᠭᠤᠯᠬᠤ ᠳᠤᠮᠳᠠᠬᠢ᠂ ᠪᠠᠶᠢᠭᠤᠯᠤᠭᠰᠠᠨ ᠤ ᠳᠠᠷᠠᠭᠠᠬᠢ ᠪᠥᠬᠦ ᠦᠶᠡᠯᠡᠯ ᠤᠨ ᠬᠤᠭᠤᠴᠠᠭᠠᠨ ᠳᠤ | ᠮᠥᠷᠳᠡᠨ ᠦᠷ᠎ᠡ ᠪᠦᠲᠦᠮᠵᠢ ᠶᠢ ᠠᠰᠠᠭᠤᠬᠤ ᠶᠢ ᠬᠡᠷᠡᠭᠵᠢᠭᠦᠯᠦᠨ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ | ᠳ᠋ᠠᠶᠢᠲ᠋ᠠ ᠶᠢᠨ ᠭᠦᠢᠴᠡᠳᠬᠡᠯ ᠲᠤᠭ᠎ᠠ᠂ ᠶᠠᠰᠤ ᠴᠢᠨᠠᠷ ᠤᠨ ᠭᠦᠢᠴᠡᠳᠬᠡᠯ ᠲᠤᠭ᠎ᠠ᠂ ᠨᠡᠶᠢᠭᠡᠮ ᠤᠨ ᠦᠷ᠎ᠡ ᠠᠰᠢᠭ ᠤᠨ | ᠭᠦᠢᠴᠡᠳᠬᠡᠯ ᠲᠤᠭ᠎ᠠ᠂ ᠬᠠᠨᠤᠮᠵᠢ ᠶᠢᠨ ᠬᠡᠮᠵᠢᠶ᠎ᠡ ᠶᠢᠨ ᠭᠦᠢᠴᠡᠳᠬᠡᠯ ᠲᠤᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ | ᠥᠪᠡᠷ ᠢ ᠪᠠᠨ ᠦᠨᠡᠯᠡᠵᠦ᠂ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠪᠠ ᠪᠠᠯᠠ ᠮᠥᠩᠭᠦ ᠶᠢᠨ | ᠬᠠᠮᠢᠶᠠᠷᠤᠯᠲᠠ ᠳᠤ ᠨᠠᠶᠢᠳᠠᠪᠤᠷᠢᠲᠠᠶ ᠦᠨᠳᠦᠰᠦᠯᠡᠯ ᠬᠠᠩᠭᠠᠨ᠎ᠠ᠃ |