| 1 ᠰᠠᠷ᠎ᠠ ᠶᠢᠨ 3 ᠤ ᠡᠳᠦᠷ᠂ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 70 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠶ ᠰᠡᠳᠦᠪᠲᠦ ᠠᠷᠠᠳᠴᠢᠯᠠᠯᠲᠣ ᠠᠮᠢᠳᠤᠷᠠᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠠᠮᠢᠶ᠎ᠠ ᠪᠥᠬᠦᠶ ᠤᠴᠢᠷ ᠶᠠᠪᠤᠳᠠᠯ ᠢ | ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ | ᠯᠠᠨ ᠬᠤᠷᠠᠯ ᠳᠤ ᠣᠷᠣᠯᠴᠠᠪᠠ᠃ | 1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠪᠥᠬᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠲᠣᠬᠢᠷᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ᠂ ᠳᠡᠳ᠋ | ᠬᠤᠰᠢᠭᠤᠨ ᠳᠠᠷᠤᠭ᠎ᠠ ᠢᠦᠶ ᠬᠠᠶ ᠪᠦᠦ᠂ ᠳ᠋ᠢᠩ ᡁᠢ ᠭᠠᠩ᠂ ᠼᠦᠢ ᠯᠸᠢ ᠯᠸᠢ᠂ ᠵᠠᠩ ᠯᠢ ᠭᠦᠸᠧ᠂ ᠳᠡᠳ᠋ | ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠫᠠᠨ ᠫᠧᠩ ᠹᠸᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠬᠡᠭᠰᠡᠨ | ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠯ᠎ᠡ ᠭᠠᠷᠳᠠᠮ ᠭᠦᠢᠴᠡᠳᠬᠡᠬᠦ | ᠰᠠᠯᠠᠭ᠎ᠠ ᠮᠥᠴᠢᠷ ᠬᠢᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠠᠷᠢᠭᠤᠯᠲᠠ ᠥᠭᠪᠡ᠃ | 1 ᠰᠠᠷ᠎ᠠ ᠶᠢᠨ 4 ᠤ ᠡᠳᠦᠷ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠠᠬᠢᠭᠤᠯᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠨ | ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ | ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠫᠠᠨ ᠫᠧᠩ ᠹᠸᠢ | ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠥᠷᠨᠢᠭᠦᠯᠦᠭᠰᠡᠨ | ᠪᠠᠶᠢᠳᠠᠯ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠵᠢᠴᠢ ᠤᠳᠤᠷᠢᠳᠤᠯᠭ᠎ᠠ ᠶᠢᠨ ᠴᠣᠬᠤᠯᠠᠪᠤᠷᠢ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠳᠡᠭᠡᠳᠦ ᠱᠠᠲᠤᠨ ᠤ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ | 1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠶᠣᠣ ᠼᠠᠢ ᠶᠠᠨ ᠪᠦᠯᠬᠦᠮ ᠳᠠᠭᠠᠭᠤᠯᠤᠨ ᠴᠢᠨᠳᠠᠮᠤᠨᠢ ᠰᠤᠮᠤᠨ ᠳᠤ ᠬᠦᠷᠴᠦ ᠨᠡᠶᠢᠲᠡ ᠶᠢᠨ | ᠠᠰᠠᠷᠠᠮᠵᠢ ᠶᠢᠨ ᠣᠶ ᠶᠢ ᠬᠠᠮᠢᠶᠠᠷᠤᠨ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ | ᠪᠠᠶᠢᠴᠠᠭᠠᠬᠤ ᠠᠵᠢᠯ ᠥᠷᠨᠢᠭᠦᠯᠪᠡ᠃ ᠶᠣᠣ ᠼᠠᠢ ᠶᠠᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠴᠢᠨᠳᠠᠮᠤᠨᠢ | ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠬᠤᠭᠤᠯᠠᠨ ᠭᠡᠷ᠂ | ᠰᠤᠷᠤᠭᠴᠢᠳ ᠤᠨ ᠪᠠᠶᠢᠷᠢ᠂ ᠡᠷᠡᠭᠦᠯ ᠬᠠᠮᠠᠭᠠᠯᠠᠯ ᠤᠨ ᠬᠤᠷᠢᠶᠠᠨ ᠤ ᠴᠠᠬᠢᠯᠭᠠᠨ ᠲᠦᠭᠡᠭᠡᠬᠦ ᠲᠠᠰᠤᠭ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠬᠤ ᠶᠢᠨ | ᠬᠠᠮᠲᠤ ᠠᠮᠤᠷ ᠲᠦᠪᠰᠢᠨ ᠤ ᠳᠠᠯᠳᠠ ᠭᠡᠮ ᠳᠤ ᠪᠣᠳᠠᠲᠠᠢ ᠰᠠᠨᠠᠯ ᠰᠠᠨᠠᠭᠤᠯᠭ᠎ᠠ ᠳᠣᠷᠠᠳᠪᠠ᠃ | 1 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠶᠢᠨ ᠱᠠᠲᠤᠨ ᠤ ᠠᠵᠢᠯ ᠢ ᠪᠠᠶᠢᠷᠢᠯᠠᠭᠤᠯᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠂ ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ | ᠵᠢᠱᠢᠭᠳᠡᠭᠴᠢ ᠫᠠᠨ ᠫᠧᠩ ᠹᠸᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠵᠠᠷᠤᠳ ᠬᠤᠰᠢᠭᠤᠨ ᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠶᠢ ᠠᠬᠢᠭᠤᠯᠬᠤ | ᠲᠤᠰᠬᠠᠶ ᠠᠩᠭᠢ ᠶᠢᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠭᠰᠡᠨ ᠪᠥᠭᠡᠳ ᠨᠡᠶᠢᠳᠡᠮ ᠪᠠᠶᠢᠴᠠᠭᠠᠯᠲᠠ ᠶᠢᠨ | ᠳᠡᠩᠰᠡᠯᠡᠯᠲᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 1 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ | ᠠᠵᠢᠯ ᠤᠨ ᠬᠤᠷᠠᠯ ᠬᠢᠪᠡ᠃ | 1 ᠰᠠᠷ᠎ᠠ ᠶᠢᠨ 13 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠪᠥᠬᠦᠳᠡ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠳ᠋ᠢᠩ ᡁᠢ ᠭᠠᠩ᠂ ᠵᠠᠩ ᠯᠢ ᠭᠦᠸᠧ᠂ | ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠣᠷᠠᠳᠣᠭᠰᠠᠨ ᠵᠢᠱᠢᠭᠳᠡᠭᠴᠢ ᠫᠠᠨ ᠫᠧᠩ ᠹᠸᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ᠢ ᠤᠩᠰᠢᠨ | ᠨᠡᠶᠢᠲᠡᠯᠡᠭᠰᠡᠨ ᠪᠥᠭᠡᠳ ᠰᠤᠳᠤᠯᠤᠨ ᠶᠠᠷᠢᠯᠴᠠᠪᠠ︔ ᠬᠤᠷᠠᠯ ᠳᠤ ᠣᠷᠣᠯᠴᠠᠭᠰᠠᠳ ︽ᠢᠯᠡᠳᠬᠡᠯ︾ ᠤᠨ | ᠠᠭᠤᠯᠭ᠎ᠠ ᠶᠢᠨ ᠲᠣᠭᠤᠷᠢᠨ ᠳᠤ ᠶᠠᠷᠢᠯᠴᠠᠵᠤ᠂ ᠵᠠᠰᠠᠪᠤᠷᠢ ᠣᠷᠣᠭᠤᠯᠬᠤ ᠪᠣᠳᠠᠲᠠᠶ ᠰᠠᠨᠠᠯ ᠰᠠᠨᠠᠭᠤᠯᠭ᠎ᠠ ᠳᠣᠷᠠᠳᠪᠠ᠃ | 1 ᠰᠠᠷ᠎ᠠ ᠶᠢᠨ 13 ᠤ ᠡᠳᠦᠷ᠂ ᠲᠦᠩᠯᠢᠶᠤᠤ ᠬᠤᠳᠠ ᠶᠢᠨ ᠠᠩᠬᠠᠳᠠᠭᠴᠢ ᠬᠤᠭᠤᠴᠠᠭᠠᠨ ᠤ ᠵᠢᠭᠠᠰᠤᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠵᠢᠴᠢ ᠵᠠᠷᠤᠳ ᠬᠤᠰᠢᠭᠤᠨ ᠤ ᠬᠤᠨᠭ᠌ ᠲᠠᠶᠢᠵᠢ ᠨᠠᠭᠤᠷ ᠤᠨ ᠡᠪᠦᠯ ᠤᠨ ᠠᠩᠨᠠᠯ ᠤᠨ | ᠨᠠᠶᠢᠷ ᠡᠬᠢᠯᠡᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠱᠠᠨ ᠬᠤᠸᠠ ᠴᠢ ᠠᠵᠢᠯᠯᠠᠭ᠎ᠠ ᠳᠤ ᠣᠷᠣᠯᠴᠠᠪᠠ᠃ | 1 ᠰᠠᠷ᠎ᠠ ᠶᠢᠨ 14 ᠤ ᠡᠳᠦᠷ᠂ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 73 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ | ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠥᠬᠦ ᠬᠤᠰᠢᠭᠤᠨ ᠤ ︽ᠬᠤᠶᠠᠷ ᠬᠤᠷᠠᠯ︾ | ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠨ | ᠵᠥᠪᠯᠡᠬᠦ ᠨᠣᠤᠷᠠᠭ︶︾ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ | 1 ᠰᠠᠷ᠎ᠠ ᠶᠢᠨ 17 ᠤ ᠡᠳᠦᠷ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠬᠢᠪᠡ᠃ | 1 ᠰᠠᠷ᠎ᠠ ᠶᠢᠨ 25 ᠤ ᠡᠳᠦᠷ᠂ ᠬᠤᠰᠢᠭᠤᠨ ᠤ ᠪᠤᠶᠠᠨ ᠤ ᠦᠢᠯᠡᠰ ᠤᠨ ᠶᠡᠷᠦᠩᠬᠡᠶ ᠡᠪᠯᠡᠯ ︽ᠪᠣᠶᠠᠨ ᠤ ᠦᠢᠯᠡᠰ | ᠲᠦᠮᠡᠨ ᠡᠷᠦᠬᠡ ᠤᠨ ᠰᠡᠳᠭᠢᠯ ᠢ ᠳᠤᠯᠠᠭᠠᠴᠠᠭᠤᠯᠬᠤ︾ ᠳᠡᠮᠵᠢᠨ ᠲᠤᠰᠠᠯᠠᠵᠤ ᠲᠣᠬᠤᠨᠢᠭᠤᠯᠬᠤ ᠠᠵᠢᠯᠯᠠᠭ᠎ᠠ | ᠥᠷᠨᠢᠭᠦᠯᠵᠦ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠠᠵᠢᠯᠯᠠᠭ᠎ᠠ ᠳᠤ ᠣᠷᠣᠯᠴᠠᠪᠠ᠃ ᠳ᠋ᠢᠩ ᡁᠢ ᠭᠠᠩ | ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠯᠦᠪᠸᠢ ᠪᠠᠯᠭᠠᠰᠤᠨ ᠤ ᠨᠠᠮ ᠪᠠ ᠤᠯᠠᠨ ᠲᠦᠮᠡᠨ ᠳᠤ | ᠦᠢᠯᠡᠴᠢᠯᠡᠬᠦ ᠲᠥᠪ᠂ ᠰᠢᠶᠤᠤ ᠾᠧᠢ ᠱᠠᠨ ᠲᠣᠰᠬᠤᠨ ᠵᠡᠷᠭᠡ ᠭᠠᠵᠠᠷ ᠬᠦᠷᠴᠦ᠂ ᠵᠠᠷᠢᠮ ᠬᠦᠴᠢᠷᠳᠡᠯᠲᠡᠢ ᠤᠯᠠᠨ | ᠲᠦᠮᠡᠨ ᠢ ᠪᠣᠯᠭᠤᠭᠠᠨ ᠲᠣᠬᠤᠨᠢᠭᠤᠯᠪᠠ᠃ | 1 ᠰᠠᠷ᠎ᠠ ᠶᠢᠨ 26 ᠤ ᠡᠳᠦᠷ᠂ 2024 ᠣᠨ ᠤ ︽ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ︾ ᠶᠢᠨ | ᠡᠬᠢᠯᠡᠯᠲᠡ ᠶᠢᠨ ᠶᠣᠰᠣᠯᠠᠯ ᠯᠦᠪᠸᠢ ᠠᠶᠠᠨᠴᠢᠳ ᠤᠨ ᠦᠷᠳᠡᠭᠡ ᠳᠤ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ | ᠳ᠋ᠢᠩ ᡁᠢ ᠭᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠬᠢᠯᠡᠯᠲᠡ ᠶᠢᠨ ᠶᠣᠰᠣᠯᠠᠯ | ᠳᠡᠭᠡᠷ᠎ᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠲᠡᠭᠡᠭᠡᠪᠦᠷᠢ ᠶᠢᠨ | ᠠᠮᠤᠷ ᠲᠦᠪᠰᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠠᠵᠤ ᠠᠬᠤᠶᠢᠯᠠᠯ ᠤᠨ ᠲᠥᠯᠥᠭᠡᠯᠡᠭᠴᠢ᠂ | ᠵᠢᠯᠣᠭᠤᠴᠢ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | 1 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠶᠣᠣ ᠼᠠᠢ ᠶᠠᠨ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ | ᠪᠠᠶᠢᠴᠠᠭᠠᠪᠠ᠃ ᠶᠣᠣ ᠼᠠᠢ ᠶᠠᠨ ᠬᠠᠮᠲᠣ ᠶᠠᠪᠣᠭᠰᠠᠳ ᠲᠠᠢ ᠪᠠᠨ ᠤᠷᠢᠳ ᠬᠤᠵᠢᠳ ᠲᠢᠶᠠᠨ ᠷᠦᠨ ᠴᠢᠯᠠᠭᠤᠨ ᠲᠣᠰᠣ | ᠂ ᠴᠢ ᠴᠧᠩ ᠪᠡᠶ᠎ᠡ ᠲᠠᠮᠢᠷ ᠵᠡᠷᠭᠡ ᠭᠠᠵᠠᠷ ᠲᠤ ᠬᠦᠷᠴᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠡᠯ᠎ᠡ ᠨᠢᠭᠡᠴᠡ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠨᠠᠷᠢᠨ ᠰᠣᠨᠣᠰᠪᠠ᠃ | 1 ᠰᠠᠷ᠎ᠠ ᠶᠢᠨ 31 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠦᠯᠬᠦᠮ ᠳᠠᠭᠠᠭᠤᠯᠤᠨ ᠴᠠᠭᠠᠨ | ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ ᠳ᠋ᠢᠩ ᡁᠢ ᠭᠠᠩ ᠬᠠᠮᠲᠤ | ᠶᠠᠪᠣᠭᠰᠠᠳ ᠲᠠᠢ ᠪᠠᠨ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠢ ᠪᠠᠷᠠᠭ᠎ᠠ ᠶᠢᠨ ᠪᠠᠷᠠᠭ᠎ᠠ ᠣᠷᠣᠭᠤᠯᠬᠤ ᠠᠷᠭ᠎ᠠ | ᠵᠠᠮ ᠪᠣᠯᠤᠨ ᠶᠠᠰᠤ ᠴᠢᠨᠠᠷ᠂ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ᠂ ᠵᠣᠷ ᠤᠨ ᠡᠮ ᠤᠨ | ᠬᠠᠮᠢᠶᠠᠷᠤᠯᠲᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠪᠦᠬᠦ | ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ᠂ ᠴᠠᠬᠢᠯᠭᠠᠨ ᠬᠡᠷᠡᠭᠯᠡᠬᠦ | ᠭᠠᠯ ᠬᠡᠷᠡᠭᠯᠡᠬᠦ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠵᠠᠮ᠂ ᠠᠮᠤᠷ ᠲᠦᠪᠰᠢᠨ ᠤ ᠭᠡᠮ | ᠰᠣᠭᠤᠭ ᠢ ᠵᠢᠭᠰᠠᠭᠠᠨ ᠪᠠᠶᠢᠴᠠᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ |