| 7 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠰᠥᠸᠧ ᠮᠢᠩ ᠢᠦᠶ ᠬᠠᠮᠲᠤ ᠶᠠᠪᠣᠭᠰᠠᠳ ᠲᠠᠢ ᠪᠠᠨ ᠭᠡᠷᠴᠢᠯᠠᠭᠤ ᠰᠤᠮᠤᠨ ᠳᠤ | ᠬᠦᠷᠴᠦ ᠪᠠᠶᠢᠴᠠᠭᠠᠨ ᠰᠤᠳᠣᠯᠵᠤ᠂ ᠰᠠᠭᠤᠳᠠᠯ ᠤᠨ ᠬᠤᠷᠠᠯ ᠬᠢᠬᠦ᠂ ᠬᠠᠷᠢᠭᠤ ᠮᠡᠳᠡᠭᠦᠯᠦᠯᠲᠡ ᠰᠣᠨᠣᠰᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠳᠠᠮᠵᠢᠨ ᠰᠤᠮᠤᠨ ᠤ ᠨᠠᠮ ᠪᠠ ᠣᠯᠠᠨ | ᠲᠦᠮᠡᠨ ᠳᠤ ᠦᠢᠯᠡᠴᠢᠯᠡᠬᠦ ᠲᠥᠪ᠂ ᠬᠠᠮᠲᠤ ᠶᠢᠨ ᠠᠵᠤ ᠠᠬᠤᠶ ᠶᠢᠨ ᠬᠤᠷᠰᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ | ᠵᠢᠴᠢ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠠᠭᠤᠳᠠᠮ ᠲᠠᠯᠠᠪᠠᠶ ᠳᠤ ᠬᠦᠷᠴᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠵᠠᠰᠠᠯᠲᠠ ᠶᠢᠨ ᠬᠠᠷᠢᠭᠤᠴᠠᠯᠭ᠎ᠠ ᠡᠭᠦᠷᠭᠡᠯᠡᠯ ᠬᠡᠳᠦ | ᠬᠦᠨᠳᠦ ᠪᠠᠶᠢᠬᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠢᠪᠲᠤᠯᠬᠤ᠂ ᠨᠠᠮ ᠪᠠ ᠣᠯᠠᠨ | ᠲᠦᠮᠡᠨ ᠳᠤ ᠦᠢᠯᠡᠴᠢᠯᠡᠬᠦ ᠲᠥᠪ ᠤᠨ ᠴᠢᠳᠠᠮᠵᠢ ᠶᠢ ᠳᠡᠭᠡᠭᠰᠢᠯᠡᠭᠦᠯᠬᠦ ᠵᠢᠴᠢ ᠬᠠᠮᠲᠤ ᠶᠢᠨ ᠠᠵᠤ ᠠᠬᠤᠶ ᠶᠢᠨ | ᠬᠥᠭᠵᠢᠯᠲᠡ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ | ᠰᠦᠸᠧ ᠮᠢᠩ ᠢᠦᠢ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ | ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ | ᠰᠠᠶᠢᠲᠤᠷ ᠴᠢᠩᠭ᠎ᠠ ᠠᠳᠬᠤᠬᠤ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠤᠯᠴᠠᠬᠤ ᠪᠠᠷ | ᠣᠶᠢᠯᠠᠭᠠᠬᠤ ᠶᠢ ᠠᠬᠢᠭᠤᠯᠵᠤ᠂ ᠣᠶᠢᠯᠠᠭᠠᠭᠰᠠᠨ ᠢᠶᠠᠷ ᠦᠢᠯᠡ ᠠᠵᠢᠯᠯᠠᠭ᠎ᠠ ᠪᠠᠨ ᠠᠬᠢᠭᠤᠯᠵᠤ᠂ ᠨᠠᠮᠴᠢ ᠴᠢᠨᠠᠷ ᠤᠨ | ᠪᠣᠯᠪᠠᠰᠤᠷᠠᠯ ᠪᠣᠯᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠢᠳᠡᠪᠬᠢᠲᠡᠢ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ | ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ | ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠦᠨᠳᠦᠰᠦᠨ ᠱᠠᠲᠤᠨ ᠤ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ | ᠬᠡᠷᠡᠭᠲᠡᠢ᠃ᠦᠨᠳᠦᠰᠦᠨ ᠱᠠᠲᠤᠨ ᠤ ᠵᠠᠰᠠᠯᠲᠠ ᠶᠢᠨ ᠬᠠᠷᠢᠭᠤᠴᠠᠯᠭ᠎ᠠ ᠡᠭᠦᠷᠭᠡᠯᠡᠯ ᠬᠡᠳᠦ ᠬᠦᠨᠳᠦ ᠪᠠᠶᠢᠬᠤ ᠲᠣᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ | ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ ᠦᠷᠭᠦᠯᠵᠢᠯᠡᠨ ᠴᠢᠳᠠᠪᠤᠷᠢ ᠣᠯᠭᠤᠵᠤ᠂ ᠳᠠᠷᠤᠭᠠᠰᠤ ᠶᠢ ᠰᠠᠶᠢᠲᠤᠷ | ᠪᠠᠭᠠᠰᠬᠠᠬᠤ ᠶᠢᠨ ᠬᠠᠮᠲᠤ ᠠᠷᠠᠳ ᠤᠨ ᠲᠥᠯᠥᠭᠡ ᠠᠵᠢᠯ ᠶᠠᠪᠤᠳᠠᠯ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠨᠡᠩ ᠴᠢᠬᠤᠯᠠᠴᠢᠯᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠶᠢᠨ | ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢ ᠰᠠᠶᠢᠲᠤᠷ ᠲᠠᠶᠢᠯᠪᠤᠷᠢᠯᠠᠵᠤ᠂ | ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠭᠠᠵᠠᠷ ᠣᠷᠣᠨ ᠤ ᠳᠠᠪᠠᠭᠤᠯᠢᠭ ᠲᠠᠢ ᠪᠠᠨ | ᠤᠶᠠᠯᠳᠤᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠠᠶᠢᠨ ᠠᠷᠭ᠎ᠠ ᠵᠠᠮ | ᠂ ᠰᠠᠶᠢᠨ ᠠᠷᠭ᠎ᠠ ᠬᠢᠳᠡᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠨᠠᠷᠠᠲᠤ ᠲᠡᠮᠳᠡᠭᠲᠦ ᠶᠢ ᠪᠣᠶ ᠪᠣᠯᠭᠠᠨ᠂ ᠠᠰᠢᠭ | ᠣᠯᠵᠠᠪᠤᠷᠢ ᠶᠢ ᠨᠡᠮᠡᠭᠳᠡᠭᠦᠯᠵᠦ᠂ ᠬᠠᠮᠲᠤ ᠶᠢᠨ ᠠᠵᠤ ᠠᠬᠤᠶ ᠬᠢᠭᠡᠳ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠵᠣᠬᠢᠴᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠦᠨ | ᠳᠠᠭᠠᠭᠤᠯᠵᠤ᠂ ᠬᠤᠷᠰᠢᠶᠠᠵᠢᠯ ᠢ ᠪᠦᠯᠬᠦᠮᠳᠡᠭᠦᠯᠦᠨ ᠬᠥᠭᠵᠢᠭᠦᠯᠵᠦ᠂ ᠣᠯᠠᠨ ᠲᠦᠮᠡᠨ ᠤ ᠴᠢᠳᠠᠮᠠᠭᠠᠶ ᠤᠶᠢᠯᠡᠳᠤᠯ | ᠦᠵᠡᠭᠦᠯᠬᠦ︾ ᠵᠡᠷᠭᠡ ᠬᠦᠴᠦᠨ ᠵᠦᠢᠯ ᠤᠨ ᠪᠦᠲᠦᠮᠵᠢᠲᠡᠶ ᠠᠭᠤᠰᠤᠯᠴᠠᠯ ᠢ ᠪᠡᠶᠡᠯᠡᠭᠦᠯᠵᠦ᠂ ︽ᠨᠠᠮ ᠤᠨ ᠡᠭᠦᠷ | ᠵᠢᠳᠬᠦᠯ ᠴᠢᠷᠮᠠᠶᠢᠯᠭ᠎ᠠ ᠲᠠᠢ᠂ ᠨᠠᠮ ᠤᠨ ᠭᠡᠰᠢᠭᠦᠨ ᠤᠶᠢᠯᠡᠳᠤᠯ ᠦᠵᠡᠭᠦᠯᠬᠦ᠂ ᠣᠯᠠᠨ ᠲᠦᠮᠡᠨ ᠪᠣᠳᠠᠲᠠᠶ ᠠᠰᠢᠭ | ᠭᠥᠷᠳᠡᠬᠦ᠂ ᠬᠠᠮᠲᠤ ᠪᠠᠷ ᠣᠷᠣᠯᠭ᠎ᠠ ᠶᠢ ᠨᠡᠮᠡᠭᠳᠡᠭᠦᠯᠬᠦ︾ ᠬᠠᠷᠠᠯᠲᠠ ᠡᠭᠦᠷᠭᠡ ᠶᠢ ᠪᠡᠶᠡᠯᠡᠭᠦᠯᠵᠦ᠂ ᠬᠠᠮᠲᠤ ᠶᠢᠨ | ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠂ ᠮᠠᠯᠴᠢᠨ ᠲᠠᠷᠢᠶᠠᠴᠢᠨ ᠢ ᠳᠠᠶᠢᠴᠢᠯᠠᠨ | ᠪᠠᠶᠠᠵᠢᠭᠤᠯᠬᠤ ᠬᠡᠷᠡᠭᠲᠡᠢ ᠭᠡᠪᠡ᠃ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠡᠨᠡ ᠬᠦ | ᠭᠤᠤᠯ ᠰᠢᠵᠢᠮ ᠢ ᠴᠢᠩᠭ᠎ᠠ ᠡᠵᠡᠮᠳᠡᠵᠦ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠂ ᠪᠦᠯᠬᠦᠮᠳᠡᠨ | ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠤ ᠦᠨᠳᠦᠰᠦᠲᠡᠨ ᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠦᠨᠳᠦᠰᠦᠲᠡᠨ ᠬᠠᠷᠢᠯᠴᠠᠨ ᠠᠭᠤᠰᠣᠯᠴᠠᠭᠰᠠᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠵᠠᠭᠪᠤᠷ ᠢ ᠪᠠᠶᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ | ᠲᠦᠮᠡᠨ ᠢ ᠳᠠᠭᠠᠭᠤᠯᠤᠨ ᠡᠶ᠎ᠡ ᠨᠠᠶᠢᠷᠲᠠᠶ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ | ᠡᠶ᠎ᠡ ᠵᠣᠬᠢᠴᠠᠯ ᠲᠠᠢ ᠬᠥᠭᠵᠢᠬᠦ ᠰᠢᠨ᠎ᠡ ᠬᠠᠭᠤᠳᠠᠰᠤ ᠶᠢ ᠪᠢᠴᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ | ᠡᠭᠦᠷᠢᠳᠡ ᠳᠡᠯᠭᠡᠷᠡᠭᠦᠯᠬᠦ ᠬᠡᠷᠡᠭᠲᠡᠶ ᠭᠡᠪᠡ᠃ |