| ᠣᠶᠢᠷ᠎ᠠ ᠳᠤ᠂ ᠪᠠᠶᠠᠷᠳᠤᠬᠤᠰᠢᠭᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠠᠵᠢᠯ ᠤᠨ ᠲᠠᠰᠤᠭ ᠲᠤ ᠲᠦᠰᠢᠭᠯᠡᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠶᠢ ᠡᠮᠦᠨ᠎ᠡ ᠹᠷᠣᠨᠲ ᠲᠤ ᠭᠦᠨᠵᠡᠭᠡᠶᠢᠷᠡᠭᠦᠯᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠤᠲᠠ᠂ ᠬᠤᠰᠢᠭᠤ᠂ | ᠪᠠᠯᠭᠠᠰᠤᠨ ᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ | ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠪᠣᠯᠤᠨ ᠰᠣᠩᠭᠤᠭᠤᠯᠢ ᠶᠢᠨ ᠠᠷᠠᠳ ᠲᠠᠢ ᠬᠠᠮᠲᠤ ᠪᠠᠷ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠯᠥᠭᠡᠯᠡᠭᠴᠢᠳ ᠠᠴᠠ ᠣᠯᠠᠨ ᠳᠤ ᠶᠡᠷᠦᠩᠬᠡᠶ ᠱᠦᠵᠢ | ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ | ᠲᠤᠬᠠᠶ ᠴᠢᠬᠤᠯᠠ ᠥᠭᠦᠯᠡᠯᠲᠡ ᠶᠢ ᠲᠠᠶᠢᠯᠪᠤᠷᠢᠯᠠᠬᠤ ᠶᠢᠨ ᠬᠠᠮᠲᠤ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ | ᠥᠯᠢᠭᠡᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠪᠣᠳᠠᠲᠤ | ᠵᠢᠱᠢᠶ᠎ᠡ ᠶᠢ ᠬᠠᠮᠲᠤ ᠪᠠᠷ ᠶᠠᠷᠢᠵᠤ᠂ ᠠᠷᠠᠳ ᠤᠨ ᠲᠦᠯᠦᠭᠡᠯᠡᠭᠴᠢᠳ ᠤᠨ ᠬᠦᠲᠦᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠣᠭᠰᠠᠨ ᠪᠣᠲᠠᠲᠤ ᠬᠡᠷᠡᠭ ᠤᠨ ᠵᠢᠱᠢᠶ᠎ᠡ ᠪᠠ ᠲᠣᠷᠰᠢᠯᠠᠭ᠎ᠠ ᠶᠢ ᠰᠣᠯᠢᠯᠴᠠᠨ ᠰᠤᠷᠣᠯᠴᠠᠪᠠ᠃ |