| 7 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ | ᠳᠣᠯᠠᠭᠠᠴᠠᠯᠭᠠ ᠶᠢᠨ ᠢᠨᠵᠧᠨᠧᠷᠢᠩ ᠢ ᠲᠤᠬᠢᠷᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠢᠵᠦ᠂ ᠪᠦᠬᠦ | ᠬᠤᠰᠢᠭᠤᠨ ᠤ ᠳᠣᠯᠠᠭᠠᠴᠠᠯᠭᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ | ᠭᠦᠸᠧ ᠶᠠ ᠹᠧᠩ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠸᠠᠩ ᠾᠧ ᠬᠤᠷᠠᠯ ᠳᠤ ᠣᠷᠣᠯᠴᠠᠪᠠ᠃ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ | ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠠᠨ ᠲᠦᠮᠡᠨ ᠤ ᠳᠠᠭᠠᠷᠠᠬᠤ ᠳᠣᠯᠠᠭᠠᠴᠠᠬᠤ | ᠲᠠᠢ ᠬᠤᠯᠪᠣᠭᠳᠠᠬᠤ ᠢᠯᠴᠢ ᠬᠠᠩᠭᠠᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠪᠠᠷ ᠴᠢᠬᠤᠯᠠ ᠶᠠᠪᠤᠳᠠᠯ | ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ︽ᠳᠣᠯᠠᠭᠠᠴᠠᠯᠭᠠ ᠶᠢᠨ ᠢᠨᠵᠧᠨᠧᠷᠢᠩ︾ ᠢ ᠦᠨᠡᠨ ᠬᠦ ᠠᠷᠠᠳ ᠲᠦᠮᠡᠨ ᠲᠠᠭᠠᠰᠢᠶᠠᠭᠰᠠᠨ᠂ ᠨᠡᠶᠢᠭᠡᠮ ᠳᠤ | ᠮᠡᠳᠡᠷᠡᠭᠳᠡᠭᠰᠡᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠬᠦ ᠬᠡᠷᠡᠭᠲᠡᠢ᠃ ᠪᠠᠷᠢᠯᠭ᠎ᠠ ᠶᠢᠨ | ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠲᠥᠰᠦᠯ ᠢᠶᠠᠷ ᠠᠵᠢᠯᠯᠠᠵᠤ᠂ ᠢᠯᠴᠢ ᠬᠠᠩᠭᠠᠬᠤ | ᠬᠤᠭᠤᠴᠠᠭ᠎ᠠ ᠠᠴᠠ ᠡᠮᠦᠨ᠎ᠡ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠬᠦ ᠶᠢ ᠪᠠᠲᠤᠯᠠᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠲᠠᠲᠤ ᠶᠠᠪᠤᠳᠠᠯ ᠢ ᠪᠣᠳᠠᠲᠠᠢ ᠬᠢᠬᠦ | ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠠᠯᠲᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ | ᠳᠣᠯᠠᠭᠠᠴᠠᠯᠭᠠ ᠶᠢᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ | ᠥᠷᠨᠢᠭᠦᠯᠬᠦ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠨᠢᠭᠲᠠ ᠬᠠᠮᠲᠣᠷᠠᠨ ᠬᠠᠮᠵᠢᠯᠴᠠᠵᠤ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠢ ᠲᠦᠷᠭᠡᠳᠬᠡᠵᠦ᠂ ᠲᠦᠷᠦᠯ | ᠵᠦᠢᠯ ᠢ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠯᠢᠬᠵᠢᠭᠤᠯᠵᠤ᠂ ᠲᠦᠷᠦᠯ | ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠢᠭᠲᠠᠶ ᠴᠠᠭ ᠲᠣᠬᠢᠶᠠᠯ ᠢ ᠠᠮᠵᠢᠨ᠂ ᠢᠯᠴᠢ | ᠬᠠᠩᠭᠠᠬᠤ ᠶᠢ ᠪᠠᠲᠤᠯᠠᠬᠤ᠂ ᠬᠤᠭᠤᠯᠠᠶ ᠲᠣᠤᠷ ᠢ ᠥᠭᠡᠷᠡᠴᠢᠯᠡᠬᠦ᠂ ᠠᠵᠢᠯᠯᠠᠭᠠᠨ ᠢ ᠬᠢᠨᠠᠨ ᠬᠡᠮᠵᠢᠬᠦ ᠵᠡᠷᠭᠡ ᠠᠵᠢᠯ ᠢ | ᠡᠮᠬᠢ ᠵᠢᠷᠤᠮ ᠲᠠᠢ ᠰᠠᠶᠢᠲᠤᠷ ᠬᠢᠵᠦ᠂ ᠪᠥᠬᠦ ᠬᠤᠰᠢᠭᠤᠨ ᠤ ᠢᠯᠴᠢ ᠬᠠᠩᠭᠠᠬᠤ᠂ ᠢᠯᠴᠢ ᠬᠠᠩᠭᠠᠬᠤ ᠳᠤᠮᠳᠠᠬᠢ | ᠳᠣᠲᠠᠭᠳᠠᠯ ᠪᠠᠭᠤᠷᠠᠶ ᠲᠠᠯ᠎ᠠ ᠶᠢ ᠦᠨᠡᠨ ᠬᠦ ᠰᠢᠢᠳᠪᠦᠷᠢᠯᠡᠵᠦ᠂ ᠪᠥᠬᠦ ᠬᠤᠰᠢᠭᠤᠨ ᠤ ᠰᠠᠭᠤᠭᠠᠯᠢ ᠠᠷᠠᠳ ᠲᠤ ᠨᠠᠩ | ᠲᠠᠭᠠᠯᠠᠮᠵᠢᠲᠠᠶ ᠳᠤᠯᠠᠭᠠᠨ ᠪᠦᠯᠢᠶᠡᠨ ᠣᠷᠣᠨ ᠰᠠᠭᠤᠴᠠ ᠶᠢᠨ ᠣᠷᠴᠢᠨ ᠨᠦᠬᠦᠴᠡᠯ ᠢ ᠬᠠᠩᠭᠠᠵᠤ᠂ ᠰᠠᠭᠤᠭᠠᠯᠢ | ᠠᠷᠠᠳ ᠤᠨ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ | ᠭᠡᠪᠡ᠃ | |