ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠦᠯᠵᠡᠶᠢᠮᠦ᠋ᠷᠡᠨ ᠰᠤᠮᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/1
    7 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠦᠯᠵᠡᠶᠢᠮᠦ᠋ᠷᠡᠨ ᠰᠤᠮᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃    ᠮᠦ ᠲᠢᠶᠧ ᠮᠢᠨ ᠬᠠᠮᠲᠤ ᠶᠠᠪᠣᠭᠰᠠᠳ ᠲᠠᠢ ᠪᠠᠨ ᠠᠬᠤᠢ ᠲᠠᠯᠠᠪᠠᠢ ᠳᠤ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ  ᠳᠠᠮᠵᠢᠨ᠂ ᠦᠶᠡᠷ ᠢ ᠰᠡᠷᠭᠡᠶᠢᠯᠡᠬᠦ ᠪᠡᠯᠡᠳᠭᠡᠯ ᠬᠢᠬᠦ᠂ ᠠᠶᠤᠯ ᠠᠴᠠ ᠵᠠᠶᠢᠯᠠᠭᠤᠯᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ  ᠠᠷᠭᠠᠴᠠᠭᠠᠵᠤ ᠠᠶᠤᠯ ᠠᠴᠠ ᠠᠪᠤᠷᠠᠬᠤ᠂ ᠡᠳ᠋ ᠪᠣᠳᠠᠰ ᠨᠥᠭᠡᠴᠡᠯᠡᠬᠦ ᠵᠡᠷᠭᠡ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠬᠤᠲᠣᠭᠤᠷ ᠭᠠᠵᠠᠷ ᠠᠮᠠᠷᠬᠠᠨ ᠤᠰᠤ ᠴᠣᠭᠯᠠᠷᠠᠬᠤ᠂ ᠭᠤᠣᠯ ᠤᠨ ᠰᠠᠪᠠ᠂ ᠭᠤᠣᠯ ᠳᠠᠭᠠᠤ ᠭᠡᠷ ᠪᠠᠶᠢᠰᠢᠩ ᠵᠢᠴᠢ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃    ᠮᠦ ᠲᠢᠶᠧ ᠮᠢᠨ ᠵᠢᠭᠠᠪᠣᠷᠢᠯᠠᠭᠰᠠᠨ ᠨᠢ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠬᠠᠮᠰᠠᠷ ᠢ ᠪᠠᠲᠣᠳᠬᠠᠵᠤ᠂ ᠭᠤᠤᠯ ᠤᠳᠤᠷᠢᠳᠤᠯᠭ᠎ᠠ ᠳᠠᠭᠠᠭᠤᠯᠬᠤ᠂ ᠰᠤᠮᠤ ᠭᠠᠴᠠᠭ᠎ᠠ ᠲᠣᠰᠬᠤᠨ ᠤ ᠺᠠᠳ᠋ᠷ 24 ᠴᠠᠭ ᠢᠶᠠᠷ ᠵᠢᠵᠢᠭᠦᠷᠯᠡᠬᠦ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠭᠠᠷ ᠣᠲᠠᠰᠣ ᠪᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠰᠢᠷᠦᠭᠦᠨ ᠪᠣᠷᠣᠭᠠᠨ ᠤ ᠬᠤᠭᠤᠴᠠᠭᠠᠨ ᠳᠠᠬᠢ ᠦᠶᠡᠷ ᠢ ᠰᠡᠷᠭᠡᠶᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠤᠰᠤᠨ ᠤ ᠪᠠᠶᠢᠳᠠᠯ ᠪᠣᠷᠣᠭᠠᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠲᠣᠰᠬᠤᠨ ᠳᠤ ᠬᠦᠷᠴᠦ ᠡᠷᠦᠬᠡ ᠳᠤ ᠣᠷᠣᠵᠤ ᠦᠶᠡᠷ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠤᠨ ᠴᠡᠭ ᠪᠣᠯᠤᠨ ᠰᠠᠭᠤᠭᠠᠯᠢ ᠡᠷᠦᠬᠡ ᠶᠢᠨ ᠪᠠᠶᠢᠳᠠᠯ ᠢ ᠲᠣᠣᠷᠯᠠᠨ ᠵᠢᠭᠰᠠᠭᠠᠵᠤ᠂ ᠬᠥᠭᠰᠢᠨ ᠪᠠᠭᠤᠷᠠᠶ ᠡᠪᠡᠳᠴᠢᠨ ᠲᠠᠢ ᠪᠤᠶᠤ ᠵᠡᠮᠳᠡᠭ ᠬᠦᠮᠦᠨ ᠲᠠᠢ ᠡᠷᠦᠬᠡ ᠶᠢ ᠬᠢᠨᠠᠨ ᠬᠡᠮᠵᠢᠬᠦ ᠶᠢ ᠭᠤᠤᠯᠳᠠᠯᠭ᠎ᠠ ᠲᠠᠢ ᠴᠢᠩᠭᠠᠳᠬᠠᠵᠤ᠂ ︽ᠰᠡᠷᠭᠡᠶᠢᠯᠡᠬᠦ᠂ ᠵᠠᠪᠳᠤᠬᠤ᠂ ᠵᠠᠶᠢᠯᠠᠬᠤ︾ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠪᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号