ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠲᠤᠯᠤᠳᠤ ᠰᠤᠮᠤᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/1
     7 ᠰᠠᠷ᠎ᠠ ᠶᠢᠨ 31 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠱᠠᠰᠢᠨ ᠰᠤᠷᠲᠠᠬᠤᠨ ᠬᠠᠷᠢᠶᠠᠲᠤ ᠶᠢᠨ  ᠶᠠᠪᠤᠳᠠᠯ ᠭᠠᠳᠠᠭᠠᠳᠤ ᠤᠨ ᠠᠵᠢᠯ ᠤᠨ ᠵᠥᠪᠯᠡᠯ ᠤᠨ ᠡᠷᠬᠢᠯᠡᠭᠴᠢ ᠯᠢᠨ ᠵᠢᠩ ᠴᠦᠨ ᠲᠤᠯᠤᠳᠤ ᠰᠤᠮᠤᠨ ᠳᠤ ᠢᠷᠡᠵᠦ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠦᠨ ᠾᠦᠢ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠰᠤᠮᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠯᠤᠮᠵᠢ ᠶᠢ ᠰᠣᠨᠣᠰᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠰᠠᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠲᠤᠯᠤᠳᠤ ᠰᠤᠮᠤ ᠶᠢᠨ ᠦᠨᠳᠦᠰᠦᠲᠡᠨ ᠤ ᠠᠵᠢᠯ ᠬᠢᠭᠡᠳ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠤ ᠵᠠᠩ ᠦᠢᠯᠡ ᠶᠢᠨ ᠪᠣᠯᠪᠠᠰᠤᠨ ᠵᠡᠷᠭᠡ ᠶᠢ ᠣᠷᠭᠠᠨᠢᠭ ᠢᠶᠠᠷ ᠤᠶᠠᠯᠳᠤᠭᠤᠯᠵᠤ᠂ ᠤᠯᠠᠨ ᠠᠴᠢᠶᠠᠯᠠᠪᠤᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠣᠭᠰᠠᠨ ᠵᠡᠷᠭᠡ ᠠᠵᠢᠯ ᠢ ᠭᠦᠢᠴᠡᠳ ᠨᠤᠲᠠᠯᠠᠪᠠ᠃     ᠳᠠᠷᠠᠭᠠᠪᠠᠷ ᠨᠢ ᠬᠢᠭᠰᠡᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠦᠨᠳᠦᠰᠦᠲᠡᠨ ᠨᠦᠭᠦᠳ ᠤᠨ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠰᠠᠭᠤᠳᠠᠯ ᠤᠨ ᠬᠤᠷᠠᠯ ᠳᠡᠭᠡᠷ᠎ᠡ᠂ ᠯᠢᠨ ᠵᠢᠩ ᠴᠦᠨ ᠵᠢᠭᠠᠪᠣᠷᠢᠯᠠᠭᠰᠠᠨ ᠨᠢ᠂ ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠶᠢ ᠡᠯ᠎ᠡ ᠵᠦᠢᠯ ᠤᠨ ᠠᠵᠢᠯ ᠤᠨ ᠬᠥᠭᠵᠢᠯᠲᠡ ᠶᠢᠨ ᠡᠯ᠎ᠡ ᠲᠠᠯ᠎ᠠ ᠪᠣᠯᠤᠨ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ᠂ ᠬᠠᠮᠲᠤᠪᠠᠷ ᠴᠢᠨᠡᠭᠡᠯᠢᠭᠵᠢᠭᠰᠡᠨ ᠵᠣᠯ ᠵᠢᠷᠭᠠᠯᠲᠤ ᠭᠡᠷ ᠣᠷᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠭᠡᠷ ᠣᠷᠣᠨ ᠢ ᠴᠢᠷᠮᠠᠶᠢᠨ ᠪᠠᠶᠢᠭᠤᠯᠵᠤ᠂ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ︽ᠶᠡᠭᠡ ᠭᠡᠷ ᠪᠦᠯᠢ︾ ᠶᠢ ᠪᠠᠶᠢᠭᠤᠯᠬᠤ ᠬᠡᠷᠡᠭᠲᠡᠢ ᠃ ᠬᠤᠶᠠᠷ ᠲᠤ᠂ ᠰᠡᠳᠬᠢᠴᠡ ᠪᠠᠨ ᠲᠣᠳᠣᠷᠬᠠᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠠᠵᠤ ᠠᠬᠤᠢ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠲᠦᠷᠭᠡᠳᠬᠡᠬᠦ ᠬᠡᠷᠡᠭᠲᠡᠢ᠃ ᠭᠤᠷᠪᠠ ᠳᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠰᠡᠳᠬᠢᠯᠭᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠪᠡ᠃ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠦᠨᠳᠦᠰᠦᠲᠡᠨ ᠤ ᠠᠵᠢᠯ ᠤᠨ ᠳᠤᠮᠳᠠᠬᠢ ᠰᠠᠨᠠᠯ ᠰᠠᠨᠠᠭᠤᠯᠭ᠎ᠠ ᠶᠢ ᠨᠠᠷᠢᠨ ᠠᠰᠠᠭᠤᠨ ᠯᠠᠪᠯᠠᠵᠤ ᠬᠤᠷᠢᠶᠠᠨ ᠴᠤᠭᠯᠠᠭᠤᠯᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号