| 8 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ︽ᠵᠠᠷᠤᠳ ᠨᠠᠶᠢᠷ ᠤᠨ ᠪᠣᠯᠵᠤᠭ᠎ᠠ︾ ᠠᠷᠪᠠᠨ | ᠵᠢᠷᠭᠤᠳᠤᠭᠠᠷ ᠬᠤᠭᠤᠴᠠᠭᠠᠨ ᠤ ᠵᠠᠷᠣᠳ ᠨᠠᠶᠢᠷ ᠢ ᠠᠮᠵᠢᠯᠲᠠ ᠲᠠᠢ ᠡᠷᠬᠢᠯᠡᠪᠡ᠃ ᠪᠦᠬᠦ ᠤᠯᠤᠰ ᠤᠨ ᠡᠯ᠎ᠡ | ᠭᠠᠵᠠᠷ ᠠᠴᠠ ᠢᠷᠡᠭᠰᠡᠨ ᠵᠤᠭᠠᠴᠠᠭᠰᠠᠳ ᠵᠠᠷᠤᠳ ᠬᠤᠰᠢᠭᠤᠨ ᠳᠤ ᠴᠤᠭᠯᠠᠷᠠᠵᠤ᠂ ᠲᠠᠯ᠎ᠠ ᠨᠤᠲᠤᠭ ᠤᠨ ᠰᠣᠶᠣᠯ ᠤᠨ | ᠷᠢᠳᠢ ᠰᠢᠳᠢ ᠶᠢ ᠭᠦᠢᠴᠡᠳ ᠡᠳ᠋ᠯᠡᠪᠡ᠃ ᠨᠠᠶᠢᠷ ᠤᠨ ᠤᠬᠠᠭᠤᠯᠤᠨ ᠮᠡᠳᠡᠭᠡᠯᠡᠬᠦ ᠠᠵᠢᠯ ᠢ ᠡᠮᠬᠢ ᠵᠢᠷᠤᠮ ᠲᠠᠢ | ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠢᠨ ᠥᠪᠥᠷ | ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠲᠠᠢ ᠬᠤᠯᠪᠣᠭᠠᠯᠠᠨ ᠵᠡᠷᠭᠡᠪᠡᠷ ᠬᠥᠳᠡᠯᠦᠯᠴᠡᠵᠦ᠂ ᠬᠠᠮ ᠵᠠᠭᠤᠴᠢᠯᠠᠭᠤᠷ ᠤᠨ | ᠤᠬᠠᠭᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠧᠨ ᠲᠧᠩ ᠬᠠᠮ ᠵᠠᠭᠤᠴᠢᠯᠠᠭᠤᠷ ᠤᠨ APP ᠪᠠ | ᠲᠣᠰ ᠭᠠᠵᠠᠷ ᠤᠨ ᠵᠠᠭᠤᠴᠢᠯᠠᠭᠤᠷ ᠤᠨ ᠲᠠᠩᠰᠠᠨ ᠨᠣᠮᠧᠷ᠂ ᠬᠠᠷᠠᠭᠠᠨ ᠳᠠᠪᠲᠠᠮᠵᠢ ᠶᠢᠨ ᠳ᠋ᠤᠭᠠᠷ᠂ ᠲᠥᠣᠬᠢᠨ | ᠨᠡᠪᠳᠡᠷᠡᠭᠦᠯᠭᠡ ᠪᠠᠷ ᠨᠡᠶᠢᠷ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠤᠨ ᠮᠡᠳᠡᠭᠡᠯᠡᠵᠦ᠂ ᠰᠢᠷᠢᠰ ᠬᠠᠷᠠᠭᠠᠨ | ᠳᠠᠪᠲᠠᠮᠵᠢ ᠵᠢᠴᠢ ᠵᠢᠷᠤᠭ ᠪᠢᠴᠢᠭ ᠤᠨ ᠮᠡᠳᠡᠭᠡ ᠵᠠᠩᠭᠢ ᠶᠢ 150 ᠭᠠᠷᠤᠶ ᠭᠠᠷᠭᠠᠵᠤ᠂ ᠨᠡᠶᠢᠲᠡ 160 ᠭᠠᠷᠤᠶ | ᠲᠦᠮᠡᠨ ᠤᠳᠠᠭ᠎ᠠ ᠰᠣᠨᠢᠷᠬᠠᠪᠠ᠃ |