| ᠣᠶᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠲᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ | ᠵᠠᠰᠠᠬᠤ ᠠᠵᠢᠯᠯᠠᠭ᠎ᠠ ᠶᠢ ᠦᠨᠡᠨ ᠬᠦ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ | ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠭᠠᠯ | ᠤᠨᠲᠠᠷᠠᠭᠠᠬᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠲᠥᠯᠥᠭᠡ᠂ | ᠣᠶᠢᠷ᠎ᠠ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠢᠨ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠯᠦᠪᠸᠢ ᠵᠡᠭᠡᠯᠢ ᠭᠤᠳᠤᠮᠵᠢ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠲᠦᠷᠭᠡᠨ ᠬᠦᠷᠭᠡᠯᠲᠡ ᠶᠢᠨ ᠺᠣᠮᠫᠠᠨᠢ᠂ | ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠴᠡᠭ᠂ ᠣᠷᠣᠨ ᠰᠠᠭᠤᠴᠠ ᠶᠢᠨ | ᠲᠣᠭᠤᠷᠢᠭ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ | ᠠᠮᠤᠷ ᠲᠦᠪᠰᠢᠨ ᠤ ᠳᠠᠯᠲᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠵᠢᠴᠢ ︽ᠡᠷᠬᠢᠨ ᠬᠠᠷᠠᠬᠤ︾ | ᠠᠵᠢᠯᠯᠠᠭ᠎ᠠ ᠥᠷᠨᠢᠭᠦᠯᠪᠡ᠃ |