8 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠲᠦᠩᠯᠢᠶᠣᠤ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠵᠠᠷᠤᠳ | ᠬᠤᠰᠢᠭᠤᠨ ᠳᠤ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠣᠷᠣᠯᠴᠠᠪᠠ᠃ ᠱᠤᠤ ᠶᠠᠨ ᠵᠢᠶᠦ᠋ᠨ᠂ ᠪᠠᠲᠤ᠂ ᠶᠣᠣ ᠼᠠᠢ ᠶᠠᠨ᠂ | ᠭᠦᠸᠧ ᠶᠠ ᠹᠧᠩ᠂ ᠢᠦᠢ ᠯᠢᠩ ᠬᠤᠤ ᠵᠡᠷᠭᠡ ᠬᠤᠰᠢᠭᠤᠨ ᠤ ᠤᠳᠤᠷᠢᠳᠤᠯᠭ᠎ᠠ ᠪᠠᠷ᠎ᠠ ᠪᠣᠯᠪᠠ᠃ | | | | | ᠬᠤᠷᠠᠯ ᠳᠤ ᠣᠷᠣᠯᠴᠠᠭᠰᠠᠳ ᠤᠷᠢᠳ ᠬᠤᠵᠢᠳ ᠵᠠᠷᠤᠳ ᠬᠤᠰᠢᠭᠤᠨ ᠤ ᠠᠷᠤ ᠭᠠᠵᠠᠷ ᠤᠨ ᠬᠤᠪᠢᠯᠭᠠᠨ | ᠷᠠᠰᠢᠶᠠᠨ ᠤ ᠦᠪᠡᠷ ᠢᠶᠠᠨ ᠲᠡᠷᠭᠡ ᠪᠠᠷᠢᠵᠦ ᠵᠤᠭᠠᠴᠠᠬᠤ ᠪᠠᠭᠤᠴᠠ᠂ ᠬᠠᠨ ᠠᠭᠤᠯᠠ ᠶᠢᠨ ᠦᠵᠡᠮᠵᠢ ᠶᠢᠨ ᠣᠷᠣᠨ᠂ | ᠪᠤᠯᠠᠭ ᠤᠨ ᠭᠦᠩ ᠤᠨ ᠰᠠᠩ ᠵᠢᠭᠤᠯᠴᠢᠯᠠᠯ ᠤᠨ ᠣᠷᠣᠨ᠂ ᠡᠮᠦᠨ᠎ᠡ ᠪᠤᠯᠠᠭᠲᠤ ᠮᠦᠽᠧᠶ ᠵᠡᠷᠭᠡ ᠭᠠᠵᠠᠷ ᠢᠶᠠᠷ | ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ᠃ | ᠵᠠᠷᠤᠳ ᠬᠤᠰᠢᠭᠤᠨ ᠤ ᠠᠷᠤ ᠭᠠᠵᠠᠷ ᠤᠨ ᠬᠤᠪᠢᠯᠭᠠᠨ ᠷᠠᠰᠢᠶᠠᠨ ᠤ ᠦᠪᠡᠷ ᠢᠶᠠᠨ ᠲᠡᠷᠭᠡ ᠪᠠᠷᠢᠵᠦ ᠵᠤᠭᠠᠴᠠᠬᠤ | ᠪᠠᠭᠤᠴᠠ ᠨᠢ ᠤᠳᠤ ᠳᠤ ᠲᠤᠭᠤᠭᠠᠨ ᠭᠡᠷ ᠬᠤᠭᠤᠯᠠᠨ ᠭᠡᠷ᠂ ᠵᠤᠴᠢᠯᠠᠬᠤ ᠲᠦᠪ᠂ ᠰᠢᠶᠠᠩ ᠶᠦᠨ ᠬᠤ᠋ ᠨᠠᠭᠤᠷ᠂ | ᠮᠤᠩᠭᠤᠯ ᠭᠡᠷ ᠂ ᠡᠷᠡᠭᠦᠯᠵᠢᠨ ᠰᠤᠪᠢᠯᠠᠬᠤ ᠮᠤᠳᠤᠨ ᠦᠷᠤᠭᠡ᠂ ᠭᠡᠷ ᠲᠡᠷᠭᠡᠨ ᠤ ᠪᠠᠭᠤᠴᠠ᠂ ᠮᠠᠶᠢᠬᠠᠨ ᠤ ᠪᠠᠭᠤᠴᠠ᠂ | ᠠᠭᠠᠷ ᠠᠶᠠᠯᠠᠯ ᠤᠨ ᠦᠷᠦᠬᠡ ᠶᠢ ᠪᠠᠶᠢᠭᠤᠯᠵᠦ᠂ 800 ᠬᠦᠮᠦᠨ ᠬᠠᠮᠳᠤ ᠬᠤᠭᠤᠯᠠᠯᠠᠵᠦ᠂ 200 ᠬᠦᠮᠦᠨ ᠤ | ᠤᠷᠤᠨ ᠰᠠᠭᠤᠴᠠ ᠶᠢ ᠬᠠᠩᠭᠠᠵᠤ ᠪᠠᠶᠢᠨ᠎ᠠ᠃ 2024 ᠣᠨ ᠳᠤ ᠪᠠᠭᠤᠴᠠ ᠶᠢ ᠲᠡᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠡᠪᠡᠰᠤᠨ ᠲᠡᠭᠡᠷ᠎ᠡ ᠭᠤᠯᠭᠤᠬᠤ᠂ ᠺᠠᠷᠲ᠋ᠢᠨ ᠲᠡᠷᠭᠡ᠂ ᠲᠣᠭᠤᠷᠢᠨ ᠦᠵᠡᠬᠦ ᠲᠡᠷᠭᠡ | ᠵᠡᠷᠭᠡ ᠤᠨᠴᠠᠯᠢᠬᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠬᠦ ᠶᠢᠨ ᠬᠠᠮᠲᠤ ᠡᠨᠡ ᠵᠢᠯ ᠤᠨ 5 ᠰᠠᠷ᠎ᠠ ᠳᠤ 3C | ᠲᠠᠰ ᠤᠨ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠬᠤ ᠲᠡᠷᠭᠡᠨ ᠤ ᠪᠠᠭᠤᠴᠠ ᠶᠢ ᠭᠤᠶᠤᠴᠢᠯᠠᠨ ᠮᠡᠳᠡᠭᠦᠯᠬᠦ | ᠠᠵᠢᠯ ᠢ ᠪᠡᠶᠡᠯᠡᠭᠦᠯᠪᠡ᠃ | | | | | ᠬᠠᠨ ᠠᠭᠤᠯᠠ ᠠᠮᠢ ᠠᠬᠤᠶ ᠶᠢᠨ ᠮᠦᠽᠧᠶ ᠲᠤᠬᠠᠶ ᠶᠢᠨ ᠭᠠᠵᠠᠷ ᠤᠨ ᠲᠦᠭᠦᠬᠡᠶ ᠮᠠᠲ᠋ᠧᠷᠢᠶᠠᠯ ᠢ ᠭᠦᠢᠴᠡᠳ | ᠠᠰᠢᠭᠯᠠᠵᠤ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ | ᠣᠶᠢᠯᠠᠭᠠᠭᠳᠠᠬᠤᠨ ᠢ ᠲᠤᠪᠤᠶᠢᠯᠭᠠᠪᠠ᠃ ᠮᠦᠽᠧᠶ ᠳᠤ ᠨᠡᠶᠢᠲᠡ ᠬᠤᠶᠠᠷ ᠳᠠᠪᠬᠤᠷᠭ᠎ᠠ ᠂ ︽ᠠᠮᠢ ᠠᠬᠤᠶ ᠶᠢᠨ | ᠨᠢᠷᠤᠭᠤ︾᠂ ︽ᠤᠷᠭᠤᠮᠠᠯ ᠤᠨ ᠸᠠᠩᠲᠤ ᠤᠯᠤᠰ︾᠂ ︽ᠠᠮᠢᠲᠠᠨ ᠤ ᠸᠠᠩᠲᠤ ᠤᠯᠤᠰ︾᠂ ︽ᠠᠮᠢ ᠠᠬᠤᠶ ᠶᠢ | ᠬᠢᠨᠠᠨ ᠬᠡᠮᠵᠢᠵᠦ ᠬᠠᠮᠠᠭᠠᠯᠠᠭᠰᠠᠨ ᠦᠷ᠎ᠡ ᠪᠦᠲᠦᠭᠡᠯ︾ ᠵᠡᠷᠭᠡ ᠳᠥᠷᠪᠡᠨ ᠦᠵᠡᠭᠦᠯᠭᠡ ᠶᠢᠨ ᠲᠣᠭᠤᠷᠢᠭ ᠭᠠᠷᠭᠠᠵᠤ᠂ | ᠭᠤᠤᠯᠳᠠᠭᠤ ᠲᠡᠭᠡ ᠶᠢᠨ ᠬᠠᠨ ᠠᠭᠤᠯᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠤᠳᠤᠯᠭᠠᠨ ᠤ | ᠦᠷ᠎ᠡ ᠪᠦᠲᠦᠭᠡᠯ ᠢ ᠳᠡᠯᠭᠡᠨ ᠦᠵᠡᠭᠦᠯᠬᠦ ᠳᠤ ᠬᠡᠷᠡᠭᠯᠡᠨ᠎ᠡ᠃ ᠬᠠᠨ ᠱᠠᠨ ᠮᠢ ᠵᠢᠩ ᠱᠠᠨ ᠭᠦ᠋ ᠵᠣᠴᠢᠳ ᠤᠨ | ᠪᠠᠭᠤᠳᠠᠯ ᠨᠢ ᠣᠳᠣᠨ ᠲᠠᠰ ᠤᠨ ᠵᠣᠴᠢᠳ ᠤᠨ ᠪᠠᠭᠤᠳᠠᠯ ᠤᠨ ᠪᠠᠷᠢᠮᠵᠢᠶ᠎ᠠ ᠶᠣᠰᠣᠭᠠᠷ ᠬᠡᠷ ᠤᠨ ᠳᠣᠲᠣᠨ᠎ᠠ | ᠭᠠᠳᠠᠨᠠᠬᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠣᠲᠣ 45 ᠲᠠᠰᠤᠯᠭ᠎ᠠ ᠪᠠᠷᠢᠮᠵᠢᠶᠠᠲᠤ ᠦᠷᠤᠭᠡ᠂ 2 | ᠲᠠᠰᠤᠯᠭ᠎ᠠ ᠢᠵᠢ ᠦᠷᠤᠬᠡ᠂ ᠶᠡᠭᠡ ᠪᠠᠭ᠎ᠠ ᠬᠤᠷᠠᠯ ᠤᠨ ᠬᠡᠷ ᠲᠣᠰ ᠪᠦᠷᠢ 1 ᠲᠠᠰᠤᠯᠭ᠎ᠠ᠂ 90 ᠬᠥᠮᠦᠨ ᠤ | ᠬᠤᠭᠤᠯᠠᠨ ᠭᠡᠷ ᠵᠢᠴᠢ ᠬᠤᠨᠤᠭ ᠤᠨ ᠬᠡᠷ ᠪᠠᠶᠢᠬᠤ ᠶᠢᠨ ᠬᠠᠮᠲᠤ 60 ᠬᠥᠮᠦᠨ ᠤ ᠬᠡᠪᠴᠢᠶ᠎ᠡ ᠶᠢᠨ ᠬᠤᠷᠠᠯ ᠢ | ᠡᠷᠭᠢᠯᠡᠵᠦ ᠪᠣᠯᠤᠨ᠎ᠠ᠃ | | | | | ᠵᠠᠷᠤᠳ ᠬᠤᠰᠢᠭᠤᠨ ᠤ ᠯᠦᠪᠸᠢ ᠪᠠᠯᠭᠠᠰᠤᠨ ᠤ ᠪᠤᠯᠠᠭ ᠭᠠᠴᠠᠭ᠎ᠠ ᠶᠢᠨ ᠭᠦᠩ ᠤᠨ ᠰᠠᠩ ᠦᠵᠡᠮᠵᠢ ᠶᠢᠨ ᠣᠷᠣᠨ | ᠨᠢ ᠭᠤᠶᠣ ᠰᠠᠶᠢᠬᠠᠨ ᠪᠠᠶᠢᠭᠠᠯᠢ ᠶᠢᠨ ᠦᠵᠡᠮᠵᠢ ᠪᠠ ᠲᠡᠦᠬᠡ ᠰᠣᠶᠣᠯ ᠤᠨ ᠬᠤᠷᠠᠮᠳᠤᠭᠰᠠᠨ ᠦᠵᠡᠮᠵᠢ ᠶᠢᠨ ᠣᠷᠣᠨ ᠢ | ᠬᠠᠮᠤᠷᠴᠤ᠂ ᠦᠵᠡᠮᠵᠢ ᠶᠢᠨ ᠣᠷᠣᠨ ᠨᠢ ᠭᠠᠵᠠᠷ ᠤᠨ ᠪᠠᠶᠢᠴᠠ ᠠᠭᠤᠳᠠᠮ᠂ ᠠᠭᠤᠯᠠ ᠲᠠᠢ ᠤᠰᠤ ᠲᠠᠢ᠂ ᠮᠤᠳᠤ ᠲᠠᠢ | ᠂ ᠬᠥᠷᠰᠢ ᠵᠡᠷᠭᠡᠯᠡᠳᠡᠭᠡ ᠲᠤᠰᠬᠤᠨ ᠲᠠᠢ᠂ ᠪᠠᠰᠠ ︽ᠲᠦᠷᠪᠡᠨ ᠤᠯᠠᠷᠢᠯ ᠤᠨ ᠵᠢᠭᠤᠯᠴᠢᠯᠠᠯ︾ ᠥᠷᠨᠢᠭᠦᠯᠬᠦ ᠠᠭᠤᠯᠠ | ᠤᠰᠤ ᠤᠢ ᠲᠠᠷᠢᠶ᠎ᠠ ᠡᠪᠡᠰᠦ ᠡᠯᠡᠰᠦ ᠮᠦᠰᠤᠨ ᠤ ᠠᠮᠢ ᠠᠬᠤᠢ ᠶᠢᠨ ᠦᠵᠡᠮᠵᠢ ᠶᠢ ᠪᠦᠷᠢᠯᠳᠦᠭᠦᠯᠦᠭᠰᠡᠨ ᠪᠠᠶᠢᠨ᠎ᠠ᠃ | 2024 ᠣᠨ ᠠᠴᠠ ᠡᠬᠢᠯᠡᠨ ︽ᠪᠤᠯᠠᠭ ᠭᠠᠴᠠᠭ᠎ᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠤᠶᠢᠯ︾ | ᠢ ᠬᠡᠷᠡᠭᠵᠢᠭᠦᠯᠵᠦ᠂ ᠨᠢᠭᠡᠨᠲᠡ 1000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ |