| 8 ᠰᠠᠷ᠎ᠠ ᠶᠢᠨ 13 ᠤ ᠡᠳᠦᠷ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠪ ᠲᠠᠢ | ᠬᠠᠮᠲᠤᠷᠠᠨ᠂ ᠭᠠᠳᠠᠰᠤ ᠴᠠᠭᠠᠨ ᠢᠳᠡᠭᠡᠨ ᠤ ᠦᠢᠯᠡᠳᠪᠦᠷᠢ᠂ ᠯᠦᠪᠸᠢ ᠪᠠᠯᠭᠠᠰᠤᠨ ᠤ ᠰᠢᠶᠤᠤ ᠾᠸᠢ ᠱᠠᠨ ᠶᠢᠦ | ᠶᠤᠸᠠᠨ ᠴᠠᠭᠠᠨ ᠢᠳᠡᠭᠡ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠴᠠᠭᠠᠨ ᠢᠳᠡᠭᠡᠨ ᠢ ᠪᠠᠶᠢᠴᠠᠭᠠᠨ | ᠰᠤᠳᠤᠯᠬᠤ ᠠᠵᠢᠯᠯᠠᠭ᠎ᠠ ᠥᠷᠨᠢᠭᠦᠯᠵᠦ᠂ ᠴᠠᠭᠠᠨ ᠢᠳᠡᠭᠡᠨ ᠤ ᠪᠦᠯᠬᠦᠮ ᠤᠨ ᠪᠠᠷᠢᠮᠵᠢᠶ᠎ᠠ ᠲᠣᠭᠲᠠᠭᠠᠬᠤ ᠠᠵᠢᠯ ᠢ | ᠠᠬᠢᠭᠤᠯᠪᠠ᠃ | ᠳᠠᠷᠠᠭ᠎ᠠ ᠨᠢ ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠪ ᠤᠨ | ᠲᠤᠰᠬᠠᠶ ᠮᠡᠷᠭᠡᠵᠢᠯ ᠤᠨ ᠠᠵᠢᠯᠲᠠᠨ ᠪᠠᠷᠢᠮᠵᠢᠶᠠᠵᠢᠭᠤᠯᠤᠯᠲᠠ ᠶᠢᠨ ᠲᠤᠰᠬᠠᠶ ᠮᠡᠷᠭᠡᠵᠢᠯ ᠤᠨ ᠬᠠᠷᠠᠭᠠᠰᠤ ᠳᠤ | ᠰᠠᠭᠤᠷᠢᠯᠠᠨ᠂ ᠲᠤᠰᠬᠠᠶ ᠮᠡᠷᠭᠡᠵᠢᠯ ᠤᠨ ᠪᠥᠭᠡᠳ ᠴᠢᠩᠭ᠎ᠠ ᠨᠢᠮᠪᠠᠶ ᠣᠪᠣᠷ ᠢᠶᠠᠷ ᠴᠠᠭᠠᠨ ᠢᠳᠡᠭᠡᠨ ᠤ ᠬᠠᠮᠢᠶ᠎ᠠ ᠪᠥᠬᠦᠶ | ᠪᠠᠷᠢᠮᠵᠢᠶ᠎ᠠ ᠲᠥᠷᠥ ᠶᠢᠨ ᠪᠣᠳᠣᠯᠭ᠎ᠠ ᠳᠤ ᠨᠠᠷᠢᠨ ᠲᠣᠳᠣᠷᠬᠠᠶ ᠲᠠᠶᠢᠯᠤᠮᠵᠢ ᠬᠢᠪᠠ᠃ 30 ᠭᠠᠷᠤᠢ ᠴᠠᠭᠠᠨ ᠢᠳᠡᠭᠡᠨ ᠤ | ᠵᠢᠵᠢᠭ ᠦᠢᠯᠡᠳᠬᠡᠯ ᠤᠨ ᠬᠠᠷᠢᠭᠤᠴᠠᠯᠭᠠᠲᠠᠨ ᠵᠠᠬ᠎ᠠ ᠳᠡᠯᠭᠡᠭᠦᠷ ᠤᠨ ᠣᠳᠣᠬᠠᠨ ᠤ ᠪᠠᠶᠢᠳᠠᠯ᠂ ᠦᠢᠯᠡᠳᠬᠦᠨ ᠤ ᠤᠷ᠎ᠠ | ᠮᠡᠷᠭᠡᠵᠢᠯ ᠪᠣᠯᠤᠨ ᠶᠠᠪᠤᠴᠠ᠂ ᠪᠠᠷᠢᠮᠵᠢᠶ᠎ᠠ ᠶᠢᠨ ᠬᠡᠷᠡᠭᠴᠡᠭᠡ ᠵᠢᠴᠢ ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠯ᠎ᠠ ᠪᠠᠷ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠂ ᠠᠮᠤ ᠪᠤᠳᠠᠭ᠎ᠠ ᠪᠣᠯᠪᠠᠰᠤ ᠠᠮᠤᠷ | ᠲᠦᠪᠰᠢᠨ ᠢ ᠲᠡᠷᠢᠭᠦᠨ ᠳᠤᠷ ᠲᠠᠯᠪᠢᠮᠤᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠷᠤᠳ᠂ ᠥᠷᠥᠮ᠎ᠡ ᠵᠡᠷᠭᠡ ᠠᠷᠪᠠ ᠭᠠᠷᠤᠶ ᠵᠦᠢᠯ ᠤᠨ ᠦᠢᠯᠡᠳᠭᠦᠨ ᠤ | ᠪᠦᠯᠬᠦᠮ ᠤᠨ ᠪᠠᠷᠢᠮᠵᠢᠶ᠎ᠠ ᠶᠢ ᠲᠣᠭᠲᠠᠭᠠᠬᠤ ᠶᠢ ᠠᠬᠢᠭᠤᠯᠵᠤ᠂ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠴᠠᠭᠠᠨ ᠢᠳᠡᠭᠡᠨ ᠤ | ᠠᠵᠤ ᠦᠢᠯᠡᠰ ᠤᠨ ᠵᠢᠷᠤᠮᠵᠢᠭᠰᠠᠨ᠂ ᠪᠠᠷᠢᠮᠵᠢᠶᠠᠵᠢᠭᠰᠠᠨ ᠵᠢᠴᠢ ᠨᠠᠷᠠᠲᠤ ᠲᠡᠮᠳᠡᠭᠵᠢᠭᠰᠡᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠬᠦ ᠶᠢ ᠳᠠᠶᠢᠴᠢᠯᠠᠵᠤ᠂ ᠴᠢᠨᠠᠷ ᠰᠠᠶᠢᠲᠠᠶ ᠴᠠᠭᠠᠨ ᠢᠳᠡᠭᠡᠨ ᠤ ᠦᠢᠯᠡᠳᠭᠦᠨ ᠢ ᠵᠠᠷᠤᠳ | ᠬᠤᠰᠢᠭᠤᠨ ᠠᠴᠠ ᠭᠠᠷᠭᠠᠬᠤ ᠪᠠᠷ ᠪᠠᠷᠠᠬᠤ ᠥᠬᠡᠶ ᠪᠠᠰᠠ ᠪᠥᠬᠦ ᠤᠯᠤᠰ ᠲᠤ ᠤᠷᠤᠭᠰᠢᠯᠠᠭᠤᠯᠬᠤ ᠪᠣᠯᠤᠨ᠎ᠠ᠃ |