ᠤᠯᠠᠭᠠᠨᠬᠠᠳᠠ ᠰᠤᠮᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠳᠠᠭᠠᠭᠠᠴᠢᠯᠠᠨ ᠪᠠᠲᠣᠯᠠᠬᠤ ᠶᠢ ᠬᠢᠨᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/19
        ᠣᠶᠢᠷ᠎ᠠ ᠳᠤ᠂ ᠤᠯᠠᠭᠠᠨᠬᠠᠳᠠ ᠰᠤᠮᠤ ᠳᠠᠭᠠᠭᠠᠴᠢᠯᠠᠨ ᠪᠠᠲᠣᠯᠠᠬᠤ ᠺᠠᠳ᠋ᠷᠴᠤᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ  ᠳᠠᠭᠠᠭᠠᠴᠢᠯᠠᠨ ᠪᠠᠲᠣᠯᠠᠬᠤ ᠶᠢ ᠬᠢᠨᠠᠨ ᠵᠢᠯᠣᠭᠤᠳᠬᠤ ᠠᠵᠢᠯ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠳᠠᠭᠠᠭᠠᠴᠢᠯᠠᠨ ᠪᠠᠲᠣᠯᠠᠬᠤ ᠺᠠᠳ᠋ᠷᠴᠣᠳ ᠬᠠᠷᠢᠶ᠎ᠠ ᠣᠷᠣᠨ ᠤ ᠪᠠᠨ ᠢᠳᠡᠭᠡᠨ ᠤᠮᠳᠠᠭᠠᠨ ᠤ ᠳᠡᠯᠭᠡᠭᠦᠷ᠂ ᠬᠡᠲᠦ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ᠂ ᠪᠣᠷᠣᠯᠠᠭᠤᠯᠭ᠎ᠠ ᠵᠡᠷᠭᠡ ᠡᠯ᠎ᠡ ᠭᠤᠭᠴᠤᠭ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠪᠠᠶᠢᠴᠠᠭᠠᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠳᠠᠯᠳᠤᠭᠠᠴᠢᠨ ᠢ ᠲᠣᠭᠲᠠᠭᠰᠠᠨ ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠢ ᠪᠣᠳᠠᠲᠠᠶ ᠭᠠᠵᠠᠷ ᠲᠤᠨᠢ ᠨᠠᠶᠢᠲᠠᠪᠣᠷᠢᠵᠢᠭᠤᠯᠵᠤ᠂ ᠣᠯᠠᠨ ᠲᠦᠮᠡᠨ ᠤ ᠰᠠᠨᠠᠭ᠎ᠠ ᠠᠮᠤᠷ ᠢᠲᠡᠬᠦ ᠶᠢ ᠪᠠᠲᠣᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号