ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠦᠯᠤᠭᠡ᠂ 7 ᠰᠠᠷ᠎ᠠ ᠶᠢᠨ 29 ᠤ ᠡᠳᠦᠷ ᠠᠴᠠ 30 ᠤ ᠡᠳᠦᠷ | ᠪᠣᠯᠲᠠᠯ᠎ᠠ᠂ ᠦᠯᠵᠡᠶᠢᠮᠦ᠋ᠷᠡᠨ ᠰᠤᠮᠤ ᠭᠠᠴᠠᠭ᠎ᠠ ᠲᠣᠰᠬᠤᠨ ᠤ ᠮᠠᠯᠴᠢᠳ ᠤᠨ ᠨᠠᠭᠠᠳᠤᠮ ᠤᠨ ᠬᠤᠷᠠᠯ ᠢ ᠦᠪᠡᠳᠡᠭᠰᠢ | ᠶᠡᠭᠡ ᠪᠠᠷ ᠡᠷᠭᠢᠯᠡᠪᠡ᠃ ᠶᠡᠭᠡ ᠬᠤᠷᠠᠯ ᠳᠡᠭᠡᠷ᠎ᠡ᠂ ᠮᠣᠷᠢ ᠤᠷᠤᠯᠳᠤᠬᠤ᠂ ᠳᠡᠭᠡᠰᠦ ᠲᠠᠲᠠᠬᠤ᠂ ᠪᠥᠬᠡ ᠪᠠᠷᠢᠯᠳᠤᠬᠤ᠂ | ᠦᠬᠡᠷ ᠤᠷᠤᠯᠳᠤᠬᠤ ᠵᠡᠷᠭᠡ ᠥᠪᠡᠷᠮᠢᠴᠡ ᠣᠨᠴᠠᠯᠢᠭ ᠲᠠᠢ ᠤᠷᠤᠯᠳᠤᠭᠠᠨ ᠤ ᠲᠦᠷᠦᠯ ᠵᠦᠢᠯ ᠨᠢ ᠰᠢᠨ᠎ᠡ ᠴᠠᠭ | ᠦᠶ᠎ᠡ ᠶᠢᠨ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠰᠡᠳᠬᠢᠯᠭᠡ ᠪᠣᠯᠤᠨ ᠣᠮᠤᠭ | ᠪᠠᠭ᠋ᠠᠳᠤᠯᠲᠤ ᠪᠤᠳᠤᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠢᠯᠡᠷᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ | | | |