2 ᠰᠠᠷ᠎ᠠ ᠶᠢᠨ 1 ᠤ ᠡᠳᠦᠷ᠂ ᠳᠡᠳ᠋ ᠬᠤᠲᠠ ᠶᠢᠨ ᠳᠠᠷᠤᠭ᠎ᠠ ᠯᠢᠦᠶ ᠭᠦᠸᠧ ᠬᠤᠸᠠ ᠵᠠᠷᠤᠳ ᠬᠤᠰᠢᠭᠤᠨ ᠳᠤ | ᠢᠷᠡᠵᠦ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠪᠠᠶᠢᠴᠠᠭᠠᠨ ᠰᠤᠳᠤᠯᠤᠯᠲᠠ ᠶᠢᠨ | ᠰᠠᠭᠤᠳᠠᠯ ᠤᠨ ᠬᠤᠷᠠᠯ ᠢ ᠡᠷᠭᠢᠯᠡᠨ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠳᠤ ᠣᠷᠣᠯᠴᠠᠪᠠ | ᠃ | ᠬᠤᠷᠠᠯ ᠳᠡᠭᠡᠷ᠎ᠡ᠂ ᠼᠦᠢ ᠯᠸᠢ ᠯᠸᠢ ᠠᠴᠠ ᠮᠢᠩᠭᠠᠨ ᠲᠦᠮᠡᠨ ᠮᠦ ᠤᠳᠤ ᠦᠶ᠎ᠡ ᠶᠢᠨ ᠤᠰᠤ ᠠᠷᠪᠢᠯᠠᠬᠤ | ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ᠂ ᠤᠢ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠢ ᠲᠤᠰᠬᠠᠢ ᠴᠡᠭᠴᠡᠯᠡᠨ ᠵᠠᠰᠠᠬᠤ ᠵᠡᠷᠭᠡ ᠣᠳᠣᠬᠠᠨ ᠤ ᠪᠦᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠨᠠᠷᠢᠨ ᠨᠢᠭᠲᠠ | ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠬᠠᠮᠢᠶ᠎ᠠ ᠪᠦᠬᠦᠢ ᠠᠰᠠᠭᠤᠳᠠᠯ ᠤᠨ ᠲᠤᠬᠠᠢ | ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | 2 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠯᠬᠦᠮ | ᠳᠠᠭᠠᠭᠤᠯᠤᠨ ᠵᠠᠷᠣᠳ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ | ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ | ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ | ᠬᠤᠵᠢᠳ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠤᠢ ᠰᠢᠭᠤᠶ ᠶᠢᠨ | ᠭᠠᠯ ᠤᠨᠲᠠᠷᠠᠭᠠᠬᠤ ᠶᠡᠭᠡ ᠠᠩᠭᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ | ᠴᠡᠷᠢᠭ ᠠᠩᠭᠢ ᠶᠢᠨ ᠪᠠᠶᠢᠭᠤᠯᠤᠯᠲᠠ ᠪᠣᠯᠤᠨ ᠥᠷᠭᠡᠨ ᠤᠯᠠᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ | ᠵᠢᠯᠤᠭᠤᠳᠤᠬᠴᠢ ᠪᠠᠶᠢᠯᠳᠤᠭᠴᠢᠳ ᠤᠨ ᠠᠵᠢᠯ᠂ ᠠᠮᠢᠳᠤᠷᠠᠯ ᠵᠢᠴᠢ ᠪᠣᠯᠪᠠᠰᠤᠷᠠᠯ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ | 2 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠯᠬᠦᠮ | ᠳᠠᠭᠠᠭᠤᠯᠤᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ ᠪᠣᠯᠭᠤᠭᠠᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ ᠲᠣᠬᠤᠨᠢᠭᠤᠯᠬᠤ | ᠳᠤᠮᠳᠠ᠂ ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠤᠨ ᠠᠮᠢᠳᠤᠷᠠᠯ ᠤᠨ ᠣᠷᠴᠢᠨ ᠲᠣᠭᠤᠷᠢᠨ᠂ ᠲᠥᠬᠦᠭᠡᠷᠦᠮᠵᠢ ᠶᠢᠨ ᠨᠥᠬᠦᠴᠡᠯ ᠪᠣᠯᠤᠨ ᠬᠠᠮᠢᠶᠠᠷᠤᠯᠲᠠ | ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | 2 ᠰᠠᠷ᠎ᠠ ᠶᠢᠨ 4 ᠤ ᠡᠳᠦᠷ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠢᠨ 2024 | ᠣᠨ ᠤ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠢᠵᠦ᠂ ᠳᠡᠳ᠋ ᠬᠤᠰᠢᠭᠤᠨ ᠳᠠᠷᠤᠭ᠎ᠠ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ | ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃ | 2 ᠰᠠᠷ᠎ᠠ ᠶᠢᠨ 5 ᠤ ᠡᠳᠦᠷ᠂ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 75 | ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠶᠡᠷᠦᠩᠬᠡᠶ ᠱᠦᠵᠢ | ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | 2 ᠰᠠᠷ᠎ᠠ ᠶᠢᠨ 6 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠦᠯᠬᠦᠮ ᠳᠠᠭᠠᠭᠤᠯᠤᠨ | ᠪᠠᠶᠠᠷᠳᠤᠬᠤᠰᠢᠭᠤ ᠪᠠᠯᠭᠠᠰᠤ᠂ ᠤᠯᠠᠭᠠᠨᠬᠠᠳᠠ ᠰᠤᠮᠤ ᠳᠤ ᠬᠦᠷᠴᠦ ᠬᠦᠨᠳᠦ ᠶᠡᠭᠡ ᠠᠳᠡᠯ ᠤᠨ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃ ᠳ᠋ᠢᠩ ᡁᠢ ᠭᠠᠩ ᠬᠠᠮᠲᠤ ᠶᠠᠪᠣᠭᠰᠠᠳ | ᠲᠠᠢ ᠪᠠᠨ ᠤᠷᠢᠳ ᠬᠤᠵᠢᠳ ᠲᠣᠰᠣ ᠨᠡᠮᠡᠬᠦ ᠥᠷᠲᠡᠭᠡ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ᠂ ᠬᠤᠸᠠᠷ | ᠫᠤᠤᠵᠢᠩ ᠪᠣᠷᠣᠯᠠᠭᠤᠯᠬᠤ ᠴᠡᠭ ᠵᠡᠷᠭᠡ ᠡᠵᠡᠩᠨᠡᠯᠲᠡ ᠶᠢᠨ ᠭᠠᠵᠠᠷ ᠲᠤ ᠬᠦᠷᠴᠦ᠂ ᠭᠠᠯ ᠤᠨᠲᠠᠷᠠᠭᠠᠬᠤ ᠪᠡᠯᠡᠳᠬᠡᠮᠵᠢ | ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠵᠠᠮ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠪᠡ᠃ | 2 ᠰᠠᠷ᠎ᠠ ᠶᠢᠨ 6 ᠤ ᠡᠳᠦᠷ᠂ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ | ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠪᠠᠷ᠎ᠠ ᠪᠣᠯᠵᠣ ᠪᠠᠶᠢᠴᠠᠭᠠᠪᠠ᠃ | ᠼᠤᠤ ᠶᠢᠨ ᠱᠠᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠰᠢᠨ ᠲᠢᠶᠠᠨ ᠳ᠋ᠢ ᠬᠤᠳᠠᠯᠳᠤᠭᠠᠨ ᠤ ᠲᠥᠪ᠂ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠸᠧᠶ ᠯᠢᠨ ᠠᠷᠢᠬᠢᠨ ᠤ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠣᠯᠤᠨ ᠭᠠᠯ | ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠵᠢᠯᠯᠠᠭᠠᠨ ᠵᠢᠴᠢ ᠬᠠᠮᠠᠭᠠᠯᠠᠯᠲᠠ ᠵᠡᠷᠭᠡ ᠪᠠᠶᠢᠳᠠᠯ ᠢ | ᠰᠤᠭᠤᠴᠢᠨ ᠪᠠᠶᠢᠴᠠᠭᠠᠭᠰᠠᠨ ᠪᠥᠭᠡᠳ ᠭᠠᠯ ᠤᠨᠲᠠᠷᠠᠭᠠᠬᠤ ᠡᠵᠡᠮᠰᠢᠯ ᠤᠨ ᠲᠠᠰᠤᠭ᠂ ᠭᠠᠯ ᠤᠨᠲᠠᠷᠠᠭᠠᠬᠤ ᠪᠠᠭᠠᠵᠢ | ᠬᠡᠷᠡᠭᠰᠡᠯ ᠵᠡᠷᠭᠡ ᠭᠤᠭᠴᠤᠭ᠎ᠠ ᠶᠢ ᠬᠢᠨᠠᠨ ᠵᠢᠯᠣᠭᠤᠳᠴᠤ ᠪᠠᠶᠢᠴᠠᠭᠠᠪᠠ᠃ | 2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠶᠣᠣ ᠼᠠᠢ ᠶᠠᠨ ᠪᠠᠶᠠᠷ ᠤᠨ ᠡᠳᠦᠷ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ | ᠥᠷᠨᠢᠭᠦᠯᠬᠦ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠶᠣᠣ ᠼᠠᠢ ᠶᠠᠨ ᠬᠠᠮᠲᠤ | ᠶᠠᠪᠣᠭᠰᠠᠳ ᠲᠠᠢ ᠪᠠᠨ ᠤᠷᠢᠳ ᠬᠤᠵᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ | ᠬᠦᠷᠴᠦ᠂ ᠡᠮᠦᠨ᠎ᠡ ᠹᠷᠣᠨᠲ ᠤᠨ ᠡᠮᠨᠡᠯᠭᠡ ᠶᠢᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ | ᠳᠡᠭᠡᠳᠦ ᠬᠦᠨᠳᠦᠳᠬᠡᠯ ᠳᠡᠪᠰᠢᠭᠦᠯᠵᠦ᠂ ᠡᠮᠨᠡᠯᠭᠡ ᠶᠢᠨ ᠠᠵᠢᠯᠲᠠᠨ ᠤ ᠰᠢᠷᠭᠠᠭᠤ ᠬᠠᠲᠠᠭᠤᠵᠢᠯᠲᠠᠶ ᠵᠢᠳᠬᠦᠯ ᠲᠡᠮᠡᠴᠡᠯ | ᠳᠤ ᠲᠠᠯᠠᠷᠬᠠᠯ ᠢᠶᠠᠨ ᠢᠯᠡᠳᠬᠡᠪᠡ᠃ | 2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠤᠢ ᠲᠠᠯᠠᠪᠠᠢ ᠳᠤ | ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠴᠠᠭᠠᠨ | ᠰᠠᠷ᠎ᠠ ᠶᠢᠨ ᠲᠤᠬᠤᠨᠢᠭᠤᠯᠤᠯ ᠥᠷᠨᠢᠭᠦᠯᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠠᠵᠢᠯᠯᠠᠭ᠎ᠠ ᠳᠤ | ᠣᠷᠣᠯᠴᠠᠪᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠱᠤᠤ ᠶᠠᠨ ᠵᠢᠶᠦ᠋ᠨ | ᠪᠠᠷᠢᠯᠭ᠎ᠠ ᠶᠢᠨ ᠠᠬᠤᠢ ᠲᠠᠯᠠᠪᠠᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠲᠥᠯᠥᠪᠯᠡᠭᠡ᠂ | ᠪᠠᠷᠢᠯᠭ᠎ᠠ ᠶᠢᠨ ᠠᠬᠢᠴᠠ ᠵᠡᠷᠭᠡ ᠶᠢ ᠤᠢᠢᠯᠠᠭᠠᠭᠰᠠᠨ ᠪᠥᠭᠡᠳ ᠠᠬᠤᠢ ᠲᠠᠯᠠᠪᠠᠢ ᠶᠢᠨ ᠰᠡᠷᠡᠮᠵᠢᠯᠡᠭᠦᠯᠬᠦ ᠲᠡᠮᠳᠡᠭ ᠤᠨ | ᠪᠠᠶᠢᠷᠢᠯᠠᠭᠤᠯᠤᠯᠲᠠ ᠵᠡᠷᠭᠡ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ | 2 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ | ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠨᠠᠮ ᠵᠠᠰᠠᠭ ᠤᠨ ᠬᠠᠶᠢᠷ᠎ᠠ | ᠬᠠᠯᠠᠮᠵᠢ ᠶᠢ ᠬᠦᠷᠭᠡᠪᠡ᠃ | 2 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ | ᠶᠡᠭᠡ ᠠᠩᠭᠢ᠂ ᠯᠦᠪᠸᠢ ᠨᠢᠭᠡᠳᠦᠭᠡᠷ ᠲᠣᠮᠢᠯᠠᠭᠰᠠᠨ ᠰᠠᠯᠪᠤᠷᠢ᠂ ᠣᠷᠴᠢᠨ ᠲᠣᠭᠤᠷᠢᠨ ᠤ ᠠᠷᠢᠭᠤᠨ ᠴᠡᠪᠡᠷ ᠢ | ᠬᠠᠮᠠᠭᠠᠯᠠᠬᠤ ᠭᠠᠵᠠᠷ᠂ ᠢᠯᠴᠢ ᠬᠠᠩᠭᠠᠬᠤ ᠺᠣᠮᠫᠠᠨᠢ ᠵᠡᠷᠭᠡ ᠭᠠᠵᠠᠷ ᠲᠤ ᠬᠦᠷᠴᠦ ᠲᠣᠬᠤᠨᠢᠭᠤᠯᠬᠤ ᠠᠵᠢᠯᠯᠠᠭ᠎ᠠ | ᠥᠷᠨᠢᠭᠦᠯᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ ᠳᠠᠷᠤᠭ᠎ᠠ ᠵᠠᠩ ᠯᠢ | ᠭᠦᠸᠧ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | 2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ 2024 | ᠣᠨ ᠤ ᠭᠤᠷᠪᠠᠳᠤᠭᠠᠷ ᠤᠳᠠᠭ᠎ᠠ ᠶᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠣᠯᠴᠠᠯᠭ᠎ᠠ ᠶᠢᠨ ᠭᠤᠣᠯ | ᠳᠤᠭᠤᠶᠢᠯᠠᠩ ᠤᠨ ᠰᠤᠷᠣᠯᠴᠠᠬᠤ ᠬᠤᠷᠠᠯ ᠢ ᠡᠷᠬᠢᠯᠡᠨ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ | ᠴᠢᠨᠠᠷᠯᠢᠭ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ | ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠳ᠋ᠢᠩ ᡁᠢ ᠭᠠᠩ᠂ ᠵᠠᠩ ᠯᠢ ᠭᠦᠸᠧ ᠬᠤᠷᠠᠯ ᠳᠤ | ᠣᠷᠣᠯᠴᠠᠪᠠ᠃ | 2 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠬᠢᠪᠡ | ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ | ᠬᠤᠷᠠᠯ ᠳᠤ ᠣᠷᠣᠯᠴᠠᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠮᠡᠳᠡᠭᠦᠯᠦᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠰᠢᠢᠳᠪᠦᠷᠢ︾ ︵ᠲᠥᠰᠦᠯ︶ ᠶᠢ ᠪᠠᠲᠤᠯᠠᠪᠠ᠃ | 2 ᠰᠠᠷ᠎ᠠ ᠶᠢᠨ 26 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ 2024 ᠣᠨ ᠤ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠢ ᠡᠷᠭᠢᠯᠡᠨ ᠬᠢᠪᠡ᠃ ᠬᠤᠷᠠᠯ ᠠᠴᠠ ᠶᠡᠷᠦᠩᠬᠡᠶ ᠱᠦᠵᠢ ᠰᠢ ᠶᠢᠨ | ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠨ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ | ᠪᠠᠶᠢᠳᠠᠯ ᠢ ᠵᠠᠳᠠᠯᠤᠨ᠂ 2024 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | 2 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠢ ᠡᠷᠭᠢᠯᠡᠨ ᠬᠢᠪᠡ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠦᠩᠯᠢᠶᠣᠤ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠳᠤ ᠲᠠᠶᠢᠯᠤᠮᠵᠢ ᠬᠢᠪᠠ︔ ᠠᠷᠤ | ᠬᠥᠨᠳᠡᠯᠡᠨ ᠪᠠᠯᠭᠠᠰᠤ᠂ ᠦᠯᠵᠡᠶᠢᠮᠦ᠋ᠷᠡᠨ ᠰᠤᠮᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ | ᠬᠠᠷᠢᠭᠤᠴᠠᠯᠭᠠᠲᠠᠨ ᠣᠪᠣᠷ ᠢᠶᠠᠨ ᠢᠯᠡᠳᠭᠡᠪᠡ᠃ | 2 ᠰᠠᠷ᠎ᠠ ᠶᠢᠨ 29 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠥᠬᠦ ᠬᠤᠰᠢᠭᠤᠨ ᠤ ᠠᠵᠢᠯ | ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠢᠪᠡ᠃ ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ | ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ︵ᠵᠠᠷᠤᠳ ᠬᠤᠰᠢᠭᠤᠨ ᠤ ᠠᠵᠢᠯᠲᠠᠨ ᠡᠯᠰᠡᠬᠦ | ᠠᠵᠢᠯ ᠤᠨ ᠪᠠᠶᠢᠷᠢ︶ ᠶᠢᠨ ᠨᠢᠭᠤᠷᠲᠠᠨ ᠰᠢᠯᠭᠠᠬᠤ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠨᠢᠭᠤᠷᠳᠠᠨ | ᠰᠢᠯᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ |