| ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠶ ᠦᠢᠯᠡᠳᠦᠯᠭᠡᠵᠢᠭᠦᠯᠵᠦ᠂ ᠲᠥᠯᠥᠭᠡᠯᠡᠭᠴᠢᠳ ᠤᠨ | ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠪᠠ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ | 22 ᠤᠨ ᠡᠳᠦᠷ ᠠᠴᠠ 23 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠢ ᠰᠢᠨᠵᠢᠯᠡᠨ ᠪᠠᠶᠢᠴᠠᠭᠠᠬᠤ ᠳᠤᠭᠤᠶᠢᠯᠠᠩ ᠢ | ᠳᠠᠭᠠᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠢᠴᠢ ᠰᠣᠶᠣᠯ ᠵᠢᠭᠤᠯᠴᠢᠯᠠᠯ | ᠪᠠ ᠬᠡᠰᠡᠭ ᠬᠤᠳᠠᠯᠳᠤᠭᠠᠴᠢᠨ ᠣᠷᠢᠭᠰᠠᠨ ᠲᠥᠷᠥᠯ ᠵᠦᠢᠯ ᠢ ᠲᠥᠪᠯᠡᠷᠡᠭᠦᠯᠦᠨ ᠰᠢᠨᠵᠢᠯᠡᠨ ᠪᠠᠶᠢᠴᠠᠭᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠪᠦᠦ ᠯᠦᠩ᠂ ᠵᠠᠩ ᠶᠦᠩ ᠴᠢᠶᠠᠩ᠂ ᠵᠠᠩ ᠴᠦᠨ ᠾᠦᠢ᠂ ᠶᠠᠩ ᠵᠧᠨ ᠴᠢᠩ ᠵᠢᠴᠢ ᠬᠤᠲᠠ᠂ ᠬᠤᠰᠢᠭᠤ᠂ | ᠪᠠᠯᠭᠠᠰᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠶᠢᠴᠠᠭᠠᠨ | ᠦᠵᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ | ᠲᠢᠶᠧ ᠮᠢᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ ᠵᠢᠴᠢ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | ᠪᠦᠯᠬᠦᠮ ᠤᠨ ᠬᠢᠨ ᠤᠷᠢᠳ ᠬᠤᠵᠢᠳ ᠯᠦᠪᠸᠢ ᠪᠠᠯᠭᠠᠰᠤᠨ ᠤ ᠪᠤᠯᠠᠭ ᠭᠠᠴᠠᠭ᠎ᠠ ᠶᠢᠨ ᠬᠥᠩ ᠤᠨ ᠰᠠᠩ | ᠦᠵᠡᠮᠵᠢ ᠶᠢᠨ ᠣᠷᠣᠨ᠂ ᠠᠷᠤ ᠬᠥᠨᠳᠡᠯᠡᠨ ᠪᠠᠯᠭᠠᠰᠤᠨ ᠤ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ | ᠤᠨᠲᠠᠷᠠᠭᠠᠬᠤ ᠥᠷᠲᠡᠭᠡ ᠶᠢᠨ ᠲᠥᠷᠥᠯ ᠵᠦᠢᠯ᠂ ᠵᠠᠷᠤᠳ ᠬᠤᠰᠢᠭᠤᠨ ᠤ ᠠᠷᠣ ᠭᠠᠵᠠᠷ ᠤᠨ ᠬᠤᠪᠢᠯᠭᠠᠨ ᠷᠠᠰᠢᠶᠠᠨ ᠤ | ᠥᠪᠡᠷ ᠢᠶᠠᠨ ᠲᠡᠷᠭᠡ ᠪᠠᠷᠢᠵᠤ ᠵᠣᠭᠠᠴᠠᠬᠤ ᠬᠡᠭᠡᠷ᠎ᠡ ᠶᠢᠨ ᠪᠠᠭᠤᠴᠠ᠂ ᠬᠠᠨ ᠠᠭᠤᠯᠠ ᠶᠢᠨ ᠨᠠᠮᠣᠬᠠᠨ ᠵᠣᠴᠢᠳ ᠤᠨ | ᠪᠠᠭᠤᠳᠠᠯ᠂ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ︵ᠮᠣᠩᠭᠤᠯ︶ ᠡᠮᠨᠡᠯᠭᠡ ᠡᠷᠡᠭᠦᠯ ᠮᠡᠨᠳᠦ ᠶᠢ | ᠤᠶᠠᠯᠳᠤᠭᠤᠯᠤᠨ ᠨᠢᠭᠡ ᠴᠣᠭᠴᠠᠲᠤ ᠠᠰᠠᠷ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ᠂ | ᠯᠦᠪᠸᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠤᠨ ᠦᠯᠵᠡᠶᠢᠮᠦ᠋ᠷᠡᠨ ᠵᠠᠮ ᠤᠨ ᠪᠣᠷᠣᠭᠠᠨ ᠤᠰᠤ | ᠭᠠᠳᠠᠭᠰᠢᠯᠠᠭᠤᠯᠬᠤ ᠬᠤᠭᠤᠯᠠᠢ ᠲᠤᠤᠷ ᠶᠢ ᠦᠭᠡᠷᠡᠴᠢᠯᠡᠬᠦ ᠢᠨᠵᠧᠨᠧᠷᠢᠩ ᠤᠨ ᠲᠦᠷᠦᠯ ᠵᠦᠢᠯ᠂ ᠬᠤᠰᠢᠭᠤᠨ ᠤ | ᠤᠨᠴᠠᠯᠢᠬᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠥᠷᠥᠯ ᠵᠦᠢᠯ᠂ ᠬᠤᠰᠢᠭᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ᠂ ᠭᠤᠤᠯ ᠬᠤᠲᠠ ᠶᠢᠨ ᠲᠣᠭᠤᠷᠢᠭ ᠤᠨ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ᠂ | ᠭᠤᠤᠯ ᠬᠤᠲᠠ ᠶᠢᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠤᠨ ᠲᠥᠷᠥᠯ ᠵᠦᠢᠯ᠂ ᠥᠪᠥᠷ ᠮᠣᠩᠭᠤᠯ ᠤᠨ ᠮᠧᠩ ᠾᠦᠢ ᠲᠦᠩ ᠴᠠᠬᠢᠯᠭᠠᠨ ᠲᠠᠲᠠᠯᠭ᠎ᠠ ᠶᠢᠨ | ᠲᠥᠷᠥᠯ ᠵᠦᠢᠯ᠂ ᠥᠪᠥᠷ ᠮᠣᠩᠭᠤᠯ ᠤᠨ ᠴᠢᠩ ᠴᠢᠤᠸᠠᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠦᠬᠦᠷ ᠬᠦᠴᠢᠯ ᠤᠨ ᠮᠥᠭᠡᠷᠰᠦᠨ ᠬᠤᠮᠵᠢᠶ᠎ᠠ ᠦᠢᠯᠡᠳᠪᠦᠷᠢᠯᠡᠯ ᠤᠨ ᠱᠤᠭᠤᠮ ᠵᠢᠴᠢ ᠢᠵᠢ | ᠪᠥᠷᠢᠳᠦᠭᠦᠯᠬᠦ ᠲᠥᠷᠥᠯ ᠵᠦᠢᠯ᠂ ᠬᠤᠰᠢᠭᠤᠨ ᠤ ᠪᠡᠶ᠎ᠡ ᠲᠠᠮᠢᠷ ᠤᠨ ᠴᠡᠴᠡᠷᠯᠢᠭ᠂ ᠡᠮᠦᠨ᠎ᠡ ᠪᠣᠯᠠᠭᠲᠣ ᠮᠦᠽᠧᠶ ᠵᠡᠷᠭᠡ | ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ | ᠬᠡᠯᠪᠡᠷᠢ ᠪᠠᠷ ᠲᠠᠮᠵᠢᠨ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠢᠯᠧᠲ ᠥᠭᠴᠦ ᠪᠠᠲᠤᠯᠠᠭᠠᠳ | ᠲᠣᠭᠲᠠᠭᠠᠭᠰᠠᠨ 2024 ᠣᠨ ᠤ ᠵᠠᠷᠤᠳ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠵᠢᠴᠢ ᠰᠣᠶᠣᠯ ᠵᠢᠭᠤᠯᠴᠢᠯᠠᠯ ᠪᠠ ᠬᠡᠰᠡᠭ ᠬᠤᠳᠠᠯᠳᠤᠭᠠᠴᠢᠨ ᠣᠷᠢᠭᠰᠠᠨ ᠲᠥᠷᠥᠯ ᠵᠦᠢᠯ ᠤᠨ | ᠪᠠᠷᠢᠯᠭ᠎ᠠ ᠶᠢᠨ ᠠᠬᠢᠴᠠ᠂ ᠪᠠᠯᠠ ᠮᠥᠩᠭᠦ ᠬᠡᠷᠡᠭᠯᠡᠬᠦ ᠪᠠ ᠵᠢᠱᠢᠭᠰᠡᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ | ᠳᠠᠷᠠᠭ᠎ᠠ ᠨᠢ ᠰᠠᠭᠤᠳᠠᠯ ᠤᠨ ᠬᠤᠷᠠᠯ ᠬᠢᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠵᠢᠴᠢ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠰᠢᠨᠵᠢᠯᠡᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠰᠣᠶᠣᠯ ᠵᠢᠭᠤᠯᠴᠢᠯᠠᠯ ᠪᠠ ᠬᠡᠰᠡᠭ ᠬᠤᠳᠠᠯᠳᠤᠭᠠᠴᠢᠨ | ᠣᠷᠢᠭᠰᠠᠨ ᠲᠥᠷᠥᠯ ᠵᠦᠢᠯ ᠳᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ ᠲᠥᠯᠥᠭᠡᠯᠡᠭᠴᠢᠳ | ᠢᠯᠡᠷᠬᠡᠶᠢᠯᠡᠬᠦ ᠳᠡᠭᠡᠨ᠂ ᠡᠨᠡ ᠵᠢᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠠ | ᠲᠣᠬᠢᠶᠠᠯ ᠢ ᠠᠮᠵᠢᠨ᠂ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠ ᠨᠢᠭᠡ | ᠪᠦᠯᠦᠭ ᠰᠢᠨ᠎ᠡ ᠲᠥᠷᠥᠯ ᠵᠦᠢᠯ᠂ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ | ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠲᠠᠮᠵᠢᠨ᠂ ᠵᠠᠷᠤᠳ ᠬᠤᠰᠢᠭᠤᠨ ᠤ ᠰᠤᠷᠭᠠᠨ ᠬᠥᠮᠦᠵᠢᠯ᠂ ᠡᠮ ᠡᠮᠨᠡᠯᠭᠡ᠂ | ᠰᠣᠶᠣᠯ ᠵᠢᠭᠤᠯᠴᠢᠯᠠᠯ᠂ ᠠᠵᠤ ᠦᠢᠯᠡᠳᠪᠦᠷᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ | ᠣᠯᠤᠭᠰᠠᠨ ᠠᠮᠵᠢᠯᠲᠠ ᠪᠦᠲᠦᠮᠵᠢ ᠶᠢ ᠪᠡᠶ᠎ᠡ ᠪᠠᠷ ᠢᠶᠠᠨ ᠮᠡᠳᠡᠷᠡᠵᠦ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ | ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ᠬᠡᠷᠡᠭᠴᠡᠭᠡ ᠶᠢ | ᠬᠠᠩᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠨᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠤᠭᠰᠠᠨ ᠤ ᠬᠤᠪᠢ ᠳᠤ᠂ ᠠᠷᠠᠳ ᠤᠯᠠᠨ ᠤ ᠲᠤᠰ | ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠂ ᠡᠷᠬᠡᠪᠰᠢ ᠨᠢᠭᠡᠨᠲᠡ ᠲᠣᠭᠲᠠᠭᠠᠭᠰᠠᠨ | ᠲᠥᠯᠥᠪᠵᠢᠭᠦᠯᠭᠡ ᠪᠠ ᠪᠠᠷᠢᠮᠵᠢᠶ᠎ᠠ ᠶᠢ ᠵᠢᠷᠤᠮᠯᠠᠵᠤ᠂ ᠲᠦᠷᠭᠡᠨ ᠠᠬᠢᠭᠤᠯᠵᠤ᠂ ᠢᠨᠵᠧᠨᠧᠷᠢᠩ ᠤᠨ ᠠᠬᠢᠴᠠ ᠪᠠ ᠶᠠᠰᠤ | ᠴᠢᠨᠠᠷ ᠢ ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ | ᠵᠦᠢᠯ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ᠂ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠥᠷᠭᠡᠳᠬᠡᠨ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠢᠯ ᠤᠨ ᠦᠷ᠎ᠡ ᠪᠦᠲᠦᠮᠵᠢ ᠶᠢ ᠴᠢᠬᠤᠯᠠᠴᠢᠯᠠᠨ᠂ | ᠣᠨᠴᠠᠭᠠᠶᠢᠯᠠᠨ ᠠᠷᠠᠳ ᠣᠯᠠᠨ ᠤ ᠠᠰᠢᠭ ᠲᠤᠰᠠ ᠶᠢ ᠵᠢᠭᠤᠯᠴᠢᠯᠠᠯ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ | ᠨᠠᠷᠢᠨ ᠨᠢᠮᠪᠠᠶ ᠲᠥᠰᠦᠪᠯᠡᠭᠰᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠨ᠂ ᠠᠷᠠᠳ ᠣᠯᠠᠨ ᠢ | ᠨᠥᠯᠥᠭᠡᠯᠡᠨ ᠳᠠᠶᠢᠴᠢᠯᠠᠵᠤ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ | ᠢᠳᠡᠪᠬᠢᠲᠡᠶ ᠣᠷᠣᠯᠴᠠᠭᠤᠯᠵᠤ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ | ᠥᠷᠭᠡᠳᠬᠡᠨ᠂ ᠠᠷᠠᠳ ᠣᠯᠠᠨ ᠤ ᠠᠵᠤ ᠠᠬᠤᠶ ᠶᠢᠨ ᠠᠰᠢᠭ ᠣᠷᠣᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠶ᠃ | ᠵᠠᠰᠠᠭ ᠤᠨ ᠣᠷᠳᠣᠨ ᠡᠷᠬᠡᠪᠰᠢ ᠬᠡᠯᠡᠪᠡᠯ ᠵᠠᠪᠠᠯ ᠬᠢᠵᠦ᠂ ᠠᠮᠠᠯᠳᠠᠪᠠᠯ ᠵᠠᠪᠠᠯ ᠦᠢᠯᠡᠳᠦᠯᠭᠡᠵᠢᠭᠦᠯᠵᠦ᠂ ᠪᠣᠳᠠᠲᠠᠢ | ᠶᠠᠪᠤᠳᠠᠯ ᠢ ᠪᠣᠳᠠᠲᠠᠢ ᠬᠢᠬᠦ ᠶᠢ ᠦᠨᠡᠨ ᠬᠦ ᠪᠠᠲᠤᠯᠠᠵᠤ᠂ ᠪᠡᠯᠡ ᠮᠥᠩᠭᠦ ᠶᠢᠨ ᠣᠷᠣᠭᠤᠯᠤᠯᠲᠠ ᠶᠢ ᠪᠣᠳᠠᠲᠠᠶᠢᠵᠢᠭᠤᠯᠬᠤ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠪᠣᠳᠠᠲᠠᠶᠢᠵᠢᠭᠤᠯᠬᠤ᠂ ᠠᠵᠢᠯ ᠢ ᠪᠣᠳᠠᠲᠠᠶᠢᠵᠢᠭᠤᠯᠬᠤ ᠶᠢ ᠪᠠᠲᠤᠯᠠᠬᠤ | ᠬᠡᠷᠡᠭᠲᠡᠢ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠲᠦᠷᠦᠯ ᠵᠦᠢᠯ ᠤᠨ ᠶᠠᠰᠤ | ᠴᠢᠨᠠᠷ ᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠢᠳᠡᠪᠬᠢᠲᠡᠢ | ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠰᠠᠶᠢᠨ᠂ ᠠᠷᠠᠳ ᠤᠯᠠᠨ ᠤ ᠰᠡᠳᠬᠢᠯ ᠬᠠᠨᠤᠮᠵᠢᠲᠠᠢ | ᠪᠥᠭᠡᠳ ᠰᠢᠯᠭᠠᠯᠲᠠ ᠶᠢ ᠳᠠᠭᠠᠭᠠᠵᠤ ᠳᠡᠶᠢᠯᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ ᠪᠠᠲᠤᠯᠠᠬᠤ | ᠬᠡᠷᠡᠭᠲᠡᠢ ᠭᠡᠵᠦ ᠰᠠᠨᠠᠭᠤᠯᠪᠠ᠃ | |