| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠣᠶᠣᠯ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ | ᠰᠣᠶᠣᠯ ᠢ ᠤᠯᠠᠮᠵᠢᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠨᠣᠮ ᠤᠩᠰᠢᠬᠤ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠬᠦ︾ ᠭᠤᠣᠯ | ᠰᠡᠳᠦᠪᠲᠦ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ | ᠂ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠵᠢᠷᠭᠤᠳᠤᠭᠠᠷ ᠬᠤᠭᠤᠴᠠᠭᠠᠨ ᠤ | ᠳᠤᠮᠳᠠᠳᠤ ᠶᠢᠨ ᠰᠣᠩᠭᠤᠳᠠᠭ ᠵᠣᠬᠢᠶᠠᠯ ᠢ ᠣᠩᠰᠢᠵᠤ ᠪᠢᠴᠢᠵᠦ ᠶᠠᠷᠢᠬᠤ ᠤᠷᠤᠯᠳᠤᠭᠠᠨ ︵ᠳᠣᠷᠣᠭᠰᠢ | ᠤᠷᠤᠯᠳᠤᠭᠠᠨ ᠭᠡᠵᠦ ᠳᠦᠭᠦᠮᠴᠢᠯᠡᠨ᠎ᠡ︶ ᠢ ᠡᠷᠬᠢᠯᠡᠬᠦ ᠪᠠᠷ ᠪᠣᠯᠪᠠ᠃ ᠤᠷᠤᠯᠳᠤᠭᠠᠨ ᠡᠷᠬᠢᠯᠡᠬᠦ ᠱᠠᠭᠠᠷᠳᠠᠯᠭ᠎ᠠ | ᠶᠣᠰᠣᠭᠠᠷ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠳᠦᠭᠡ ᠤᠷᠤᠯᠳᠤᠭᠠᠨ ᠤ ᠪᠣᠳᠠᠲᠠᠢ | ᠵᠦᠢᠯ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠤᠷᠤᠯᠳᠤᠭᠠᠨ ᠤ ᠵᠣᠷᠢᠯᠲᠠ | ᠳᠤᠮᠳᠠᠳᠤ ᠶᠢᠨ ᠰᠢᠯᠢᠳᠡᠭ ᠰᠣᠶᠣᠯ ᠤᠨ ᠠᠭᠤᠯᠤᠭᠳᠠᠬᠤᠨ ᠢ ᠣᠶᠢᠯᠠᠭᠠᠵᠤ᠂ ᠰᠣᠶᠣᠯ ᠤᠨ ᠦᠵᠡᠯ | ᠰᠠᠨᠠᠭᠠᠨ ᠤ ᠦᠢᠯᠡᠳᠦᠯᠭᠡ ᠶᠢ ᠪᠠᠶᠠᠯᠢᠭᠵᠢᠭᠤᠯᠤᠨ᠂ ᠦᠭᠡ ᠬᠡᠯᠡ ᠰᠣᠶᠣᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠪᠠᠷ ᠤᠷᠮᠠᠰᠢᠭᠤᠯᠤᠨ᠎ᠠ᠃ | ᠬᠤᠶᠠᠷ᠂ ᠤᠷᠤᠯᠳᠤᠭᠠᠨ ᠤ ᠭᠤᠣᠯ ᠰᠡᠳᠦᠪ | ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠵᠦ᠂ ᠰᠣᠶᠤᠯ ᠤᠨ ᠥᠪ ᠢ ᠦᠷᠭᠦᠯᠵᠢᠯᠡᠭᠦᠯᠦᠶ᠎ᠡ | ᠭᠤᠷᠪᠠ᠂ ᠤᠷᠤᠯᠳᠤᠭᠠᠨ ᠤ ᠲᠥᠷᠥᠯ | ᠲᠤᠰ ᠬᠤᠭᠤᠴᠠᠭᠠᠨ ᠤ ᠤᠷᠤᠯᠳᠤᠭᠠᠨ ᠢ ︽ᠳᠤᠮᠳᠠᠳᠤ ᠢᠶᠠᠨ ᠤᠶᠠᠩᠭᠠᠯᠠᠨᠠᠮ︾ ᠭᠡᠬᠦ | ᠰᠣᠩᠭᠤᠳᠠᠭ ᠵᠣᠬᠢᠶᠠᠯ ᠢ ᠤᠩᠰᠢᠬᠤ ᠤᠷᠤᠯᠳᠤᠭᠠᠨ ︵ᠤᠩᠰᠢᠬᠤ ᠤᠷᠤᠯᠳᠤᠭᠠᠨ ᠭᠡᠵᠦ ᠳᠦᠭᠦᠮᠴᠢᠯᠡᠨ᠎ᠡ︶᠂ ︽ | ᠳᠤᠮᠳᠠᠳᠤ ᠢᠶᠠᠨ ᠰᠢᠯᠦᠭᠯᠡᠨᠡᠮ︾ ᠭᠡᠬᠦ ᠰᠢᠯᠦᠭ ᠳᠠᠭᠤᠯᠠᠯ ᠢᠶᠠᠷ ᠲᠠᠶᠢᠯᠪᠤᠷᠢᠯᠠᠬᠤ ᠤᠷᠤᠯᠳᠤᠭᠠᠨ ︵ᠲᠠᠶᠢᠯᠪᠤᠷᠢᠯᠠᠬᠤ | ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ ᠪᠢᠴᠢᠭᠯᠡᠨᠡᠮ︾ ᠭᠡᠬᠦ ᠬᠢᠲᠠᠳ ᠦᠰᠦᠭ ᠤᠨ ᠤᠷᠠᠨ | ᠪᠢᠴᠢᠯᠭᠡ ᠶᠢᠨ ᠤᠷᠤᠯᠳᠤᠭᠠᠨ ︵ᠪᠢᠴᠢᠬᠦ ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ | ᠰᠡᠶᠢᠯᠦᠨᠡᠮ︾ ᠭᠡᠬᠦ ᠪᠠᠭᠰᠢ ᠰᠤᠷᠤᠭᠴᠢ ᠶᠢᠨ ᠰᠡᠶᠢᠯᠬᠦ ᠤᠷᠤᠯᠳᠤᠭᠠᠨ ︵ᠰᠡᠶᠢᠯᠬᠦ ᠤᠷᠤᠯᠳᠤᠭᠠᠨ ᠭᠡᠵᠦ | ᠳᠦᠭᠦᠮᠴᠢᠯᠡᠨ᠎ᠡ︶ ᠵᠡᠷᠭᠡ ᠲᠥᠷᠪᠡᠨ ᠤᠷᠤᠯᠳᠤᠭᠠᠨ ᠤ ᠲᠥᠷᠦᠯ ᠬᠤᠪᠢᠶᠠᠪᠠ᠃ | ᠳᠥᠷᠪᠡ᠂ ᠤᠷᠤᠯᠳᠤᠭᠠᠨ ᠤ ᠲᠥᠷᠦᠯ ᠤᠨ ᠵᠣᠬᠢᠶᠠᠨ ᠪᠠᠶᠢᠭᠤᠯᠤᠯᠲᠠ | ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ | ᠣᠩᠰᠢᠬᠤ ᠤᠷᠤᠯᠳᠤᠭᠠᠨ ᠤ ᠠᠩᠬᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠳᠤ ᠨᠠᠶᠢᠳᠠᠵᠤ ᠳᠠᠭᠠᠭᠠᠴᠢᠯᠠᠨ ᠡᠷᠬᠢᠯᠡᠨ᠎ᠡ᠃ ᠬᠤᠶᠠᠳᠠᠬᠢ ᠤᠷᠤᠯᠳᠤᠭᠠᠨ᠂ ᠰᠢᠢᠳᠪᠦᠷᠢᠲᠦ | ᠤᠷᠤᠯᠳᠤᠭᠠᠨ ᠵᠢᠴᠢ ᠦᠵᠡᠭᠦᠯᠭᠡ ᠶᠢ ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠭᠰᠠᠨ ᠬᠤᠪᠢᠶᠠᠷᠢ | ᠤᠷᠤᠯᠳᠤᠭᠠᠨ ᠤ ᠵᠦᠢᠯ ᠢ ᠭᠦᠢᠴᠡᠳᠬᠡᠬᠦ ᠺᠣᠮᠢᠰ ᠠᠴᠠ ᠵᠣᠬᠢᠶᠠᠨ ᠪᠠᠶᠢᠭᠤᠯᠤᠨ᠎ᠠ᠃ ᠮᠠᠨ ᠤ ᠣᠷᠣᠨ ᠤ ᠠᠩᠬᠠᠨ ᠤ | ᠤᠷᠤᠯᠳᠤᠭᠠᠨ ᠢ ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠰᠢᠯᠭᠠᠷᠠᠭᠤᠯᠬᠤ ᠤᠷᠤᠯᠳᠤᠭᠠᠨ ᠤ | ᠰᠠᠭᠤᠷᠢᠨ ᠳᠡᠭᠡᠷ᠎ᠡ ᠶᠠᠪᠤᠭᠳᠠᠭᠤᠯᠤᠨ᠎ᠠ᠃ ᠲᠠᠶᠢᠯᠪᠤᠷᠢᠯᠠᠬᠤ ᠤᠷᠤᠯᠳᠤᠭᠠᠨ᠂ ᠪᠢᠴᠢᠬᠦ ᠤᠷᠤᠯᠳᠤᠭᠠᠨ᠂ ᠰᠡᠶᠢᠯᠬᠦ | ᠤᠷᠤᠯᠳᠤᠭᠠᠨ ᠳᠤ ᠣᠷᠣᠯᠴᠠᠭᠰᠠᠳ ᠰᠢᠭᠤᠳ ᠤᠷᠤᠯᠳᠤᠭᠠᠨ ᠤ ᠠᠯᠪᠠᠨ ᠤ ᠰᠦᠯᠵᠢᠶ᠎ᠡ ᠳᠤ ᠣᠷᠣᠵᠤ᠂ | ᠥᠪᠡᠰᠦᠪᠡᠨ ᠨᠡᠷ᠎ᠡ ᠮᠡᠳᠡᠭᠦᠯᠦᠨ᠂ ᠮᠡᠳᠡᠯᠭᠡ ᠶᠢᠨ ᠰᠢᠯᠭᠠᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ | ᠱᠠᠭᠠᠷᠳᠠᠯᠭ᠎ᠠ ᠶᠣᠰᠣᠭᠠᠷ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ ᠳᠠᠮᠵᠢᠭᠤᠯᠤᠨ᠎ᠠ᠃ | ᠲᠠᠪᠤ᠂ ᠤᠷᠤᠯᠳᠤᠭᠠᠨ ᠤ ᠳᠡᠰ | ᠳᠠᠷᠠᠭᠠᠯᠠᠯ ᠤᠨ ᠲᠣᠬᠢᠷᠠᠭᠤᠯᠤᠯᠲᠠ ᠤᠷᠤᠯᠳᠤᠭᠠᠨ ᠤ ᠳᠡᠰ ᠳᠠᠷᠠᠭᠠᠯᠠᠯ ᠳᠤ ᠠᠩᠬᠠᠨ ᠤ ᠤᠷᠤᠯᠳᠤᠭᠠᠨ᠂ | ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠢᠴᠢ ᠦᠵᠡᠭᠦᠯᠭᠡ ᠶᠢ ᠪᠠᠭᠲᠠᠭᠠᠨ᠎ᠠ᠃ | ᠵᠢᠷᠭᠤᠭ᠎ᠠ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ | ᠡᠯ᠎ᠡ ᠤᠷᠤᠯᠳᠤᠭᠠᠨ ᠤ ᠵᠦᠢᠯ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ | ᠪᠠ ᠰᠢᠯᠢᠳᠡᠭ ᠱᠠᠩᠨᠠᠯ ᠢ ᠲᠣᠬᠢᠷᠠᠭᠤᠯᠵᠤ᠂ ᠵᠢᠯᠣᠭᠤᠳᠤᠭᠰᠠᠨ ᠪᠠᠭᠰᠢ ᠳᠤ ᠵᠣᠷᠢᠭᠤᠯᠤᠨ ᠰᠢᠯᠢᠳᠡᠭ | ᠵᠢᠯᠣᠭᠤᠳᠤᠭᠰᠠᠨ ᠪᠠᠭᠰᠢ ᠶᠢᠨ ᠱᠠᠩᠨᠠᠯ ᠢ ᠲᠣᠬᠢᠷᠠᠭᠤᠯᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ︵ᠦᠭᠡ ᠬᠡᠯᠡ | ᠦᠰᠦᠭ ᠪᠢᠴᠢᠭ ᠤᠨ ᠠᠵᠢᠯ︶ ᠤᠨ ᠰᠠᠯᠠᠭ᠎ᠠ ᠮᠥᠴᠢᠷ᠂ ᠠᠵᠢᠯᠲᠠᠨ᠂ ᠰᠤᠷᠭᠠᠭᠤᠯᠢ ᠵᠢᠴᠢ ᠬᠠᠮᠢᠶ᠎ᠠ ᠪᠦᠬᠦᠢ | ᠤᠷᠤᠯᠳᠤᠭᠠᠨ ᠢ ᠵᠣᠬᠢᠶᠠᠨ ᠪᠠᠶᠢᠭᠤᠯᠬᠤ ᠨᠢᠭᠡᠴᠢ ᠪᠠ ᠬᠤᠪᠢ ᠬᠥᠮᠦᠨ ᠳᠤ ᠬᠠᠨᠳᠤᠭᠤᠯᠤᠨ ᠰᠢᠯᠢᠳᠡᠭ ᠵᠣᠬᠢᠶᠠᠨ | ᠪᠠᠶᠢᠭᠤᠯᠤᠭᠰᠠᠨ ᠱᠠᠩᠨᠠᠯ ︵ᠪᠦᠯᠬᠦᠮ᠂ ᠬᠤᠪᠢ ᠬᠥᠮᠦᠨ︶ ᠢ ᠲᠣᠬᠢᠷᠠᠭᠤᠯᠤᠨ᠂ ᠤᠷᠤᠯᠳᠤᠭᠠᠨ ᠢ ᠵᠣᠬᠢᠶᠠᠨ | ᠪᠠᠶᠢᠭᠤᠯᠬᠤ ᠺᠣᠮᠢᠰ ᠠᠴᠠ ᠨᠢᠭᠡᠳᠦᠯᠲᠡᠢ ᠦᠨᠡᠮᠯᠡᠯ ︵ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠳᠤ ᠦᠨᠡᠮᠯᠡᠯ | ᠣᠯᠭᠤᠵᠤ᠂ ᠪᠤᠰᠤᠳ ᠱᠠᠩᠨᠠᠯ ᠨᠢ ᠤᠷᠤᠯᠳᠤᠭᠠᠨ ᠤ ᠠᠯᠪᠠᠨ ᠤ ᠰᠦᠯᠵᠢᠶᠡᠨ ᠠᠴᠠ ᠥᠪᠡᠰᠦᠪᠡᠨ ᠡᠯᠧᠺᠳ᠋ᠷᠣᠨ | ᠦᠨᠡᠮᠯᠡᠯ ᠢ ᠪᠠᠭᠤᠯᠭᠠᠨ᠎ᠠ︶ ᠣᠯᠭᠤᠨ᠎ᠠ᠃ | ᠮᠠᠨ ᠤ ᠣᠷᠣᠨ ᠤ ᠣᠩᠰᠢᠬᠤ ᠤᠷᠤᠯᠳᠤᠭᠠᠨ ᠤ ᠠᠩᠬᠠᠨ ᠤ ᠤᠷᠤᠯᠳᠤᠭᠠᠨ ᠳᠤ ᠥᠪᠡᠷᠲᠡᠭᠡᠨ | ᠵᠠᠰᠠᠬᠤ ᠣᠷᠣᠨ ᠤ ᠳᠡᠰ ᠤᠨ ᠵᠣᠬᠢᠬᠤ ᠱᠠᠩᠨᠠᠯ ᠢ ᠲᠣᠬᠢᠷᠠᠭᠤᠯᠤᠨ᠎ᠠ᠃ | ᠳᠣᠯᠤᠭ᠎ᠠ᠂ ᠤᠷᠤᠯᠳᠤᠭᠠᠨ ᠤ ᠲᠠᠪᠴᠠᠩ | ᠤᠷᠤᠯᠳᠤᠭᠠᠨ ᠤ ᠠᠯᠪᠠᠨ ᠰᠦᠯᠵᠢᠶ᠎ᠡ᠄ https://jdsxj.eduyun.cn᠃ | ᠤᠷᠤᠯᠳᠤᠭᠠᠨ ᠳᠤ ᠣᠷᠣᠯᠴᠠᠭᠰᠠᠳ ᠠᠯᠪᠠᠨ ᠰᠦᠯᠵᠢᠶᠡᠨ ᠳᠤ ᠨᠡᠷ᠎ᠡ ᠮᠡᠳᠡᠭᠦᠯᠦᠨ ᠤᠷᠤᠯᠳᠤᠭᠠᠨ ᠳᠤ ᠣᠷᠣᠯᠴᠠᠵᠤ᠂ | ᠪᠦᠲᠦᠭᠡᠯ ᠢᠶᠠᠨ ᠳᠡᠭᠡᠭᠰᠢ ᠳᠠᠮᠵᠢᠭᠤᠯᠤᠨ᠂ ᠤᠷᠤᠯᠳᠤᠭᠠᠨ ᠤ ᠮᠡᠳᠡᠭᠳᠡᠯ ᠪᠠ ᠨᠡᠷᠡᠰ ᠤᠨ ᠢᠯᠡ ᠨᠡᠶᠢᠲᠡᠯᠡᠯ᠂ | ᠦᠨᠡᠮᠯᠡᠯ ᠢ ᠪᠠᠭᠤᠯᠭᠠᠬᠤ ᠵᠡᠷᠭᠡ ᠶᠢ ᠪᠠᠶᠢᠴᠠᠭᠠᠨ ᠦᠵᠡᠵᠦ ᠪᠣᠯᠤᠨ᠎ᠠ᠃ ᠡᠯ᠎ᠡ ᠤᠷᠤᠯᠳᠤᠭᠠᠨ ᠤ ᠳᠡᠰ | ᠳᠠᠷᠠᠭᠠᠯᠠᠯ ᠤᠨ ᠪᠣᠳᠠᠲᠠᠢ ᠱᠠᠭᠠᠷᠳᠠᠯᠭ᠎ᠠ᠂ ᠠᠵᠢᠯ ᠤᠨ ᠲᠣᠬᠢᠷᠠᠭᠤᠯᠤᠯᠲᠠ ᠵᠡᠷᠭᠡ ᠶᠠᠪᠤᠳᠠᠯ ᠢ ᠴᠥᠮ | ᠤᠷᠤᠯᠳᠤᠭᠠᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠲᠡᠯᠡᠪᠡ᠃ ᠡᠭᠦᠨ ᠤ ᠬᠠᠮᠲᠤ᠂ ᠳᠤᠮᠳᠠᠳᠤ ᠶᠢᠨ | ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠤᠨ ᠸᠢᠴᠠᠲ ᠤᠨ ᠨᠡᠶᠢᠲᠡ ᠶᠢᠨ ᠳ᠋ᠤᠭᠠᠷ ︵zhjdsdgc︶᠂ | ᠳ᠋ᠧᠦ ᠶᠢᠨ ᠤᠨ ᠳ᠋ᠤᠭᠠᠷ᠂ ᠸᠢᠳᠢᠣ᠋ ᠶᠢᠨ ᠳ᠋ᠤᠭᠠᠷ ᠪᠠ ᠳᠤᠮᠳᠠᠳᠤ ᠤᠯᠤᠰ ᠤᠨ ᠦᠭᠡ ᠬᠡᠯᠡ ᠦᠰᠦᠭ ᠪᠢᠴᠢᠭ ᠤᠨ | ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠳ᠋ᠤᠭᠠᠷ ᠵᠡᠷᠭᠡ ᠪᠠᠷ ᠳᠠᠮᠵᠢᠭᠤᠯᠤᠨ ᠤᠷᠤᠯᠳᠤᠭᠠᠨ ᠤ ᠬᠠᠮᠢᠶ᠎ᠠ ᠪᠦᠬᠦᠢ | ᠮᠡᠳᠡᠭᠡ ᠵᠠᠩᠭᠢ ᠶᠢ ᠣᠯᠵᠤ ᠪᠣᠯᠤᠨ᠎ᠠ᠃ | |