| 8 ᠰᠠᠷ᠎ᠠ ᠶᠢᠨ 3 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠣᠩᠭᠤᠯ ᠡᠮ | ᠡᠮᠨᠡᠯᠭᠡ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠦᠪᠦᠷ ᠮᠣᠩᠭᠤᠯ ᠤᠨ ᠣᠯᠠᠨ ᠣᠯᠣᠰ ᠤᠨ ᠮᠣᠩᠭᠤᠯ | ᠡᠮᠨᠡᠯᠭᠡ ᠶᠢᠨ ᠬᠤᠷᠢᠶ᠎ᠠ ᠬᠢᠭᠡᠳ ᠵᠠᠷᠣᠳ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠠᠴᠠ ᠳᠠᠭᠠᠭᠠᠴᠢᠯᠠᠨ | ᠡᠷᠬᠢᠯᠡᠭᠰᠡᠨ ᠮᠣᠩᠭᠤᠯ ᠡᠮᠨᠡᠯᠭᠡ ᠶᠢᠨ ᠬᠤᠷᠢᠶᠠᠨ ᠤ ᠡᠮ ᠦᠢᠯᠡᠳᠬᠦ ᠲᠠᠰᠤᠭ ᠤᠨ ᠪᠠᠶᠢᠭᠤᠯᠣᠯᠲᠠ ᠵᠢᠴᠢ ᠡᠮ ᠤᠨ | ᠨᠠᠶᠢᠷᠠᠯᠲᠠ ᠶᠢ ᠬᠤᠪᠢᠷᠠᠭᠤᠯᠬᠤ ᠪᠣᠯᠪᠠᠰᠣᠷᠠᠯ ᠤᠨ ᠰᠣᠳᠣᠯᠣᠨ ᠶᠠᠷᠢᠯᠴᠠᠬᠤ ᠬᠤᠷᠠᠯ ᠵᠠᠷᠣᠳ ᠬᠤᠰᠢᠭᠤᠨ ᠳᠤ ᠬᠢᠪᠡ᠃ | ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠨᠡᠶᠢᠭᠡᠮᠯᠢᠭ ᠤᠨ ᠳᠠᠷᠤᠭ᠎ᠠ ᠪᠠᠶᠠᠷ᠂ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ ᠪᠥᠬᠦ ᠣᠷᠣᠨ ᠤ ᠡᠯ᠎ᠡ ᠱᠠᠲᠤᠨ ᠤ | ᠮᠣᠩᠭᠤᠯ ᠡᠮᠨᠡᠯᠭᠡ ᠶᠢᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠡᠶᠢᠲᠡ 50 ᠭᠠᠷᠤᠶ ᠬᠦᠮᠦᠰ | ᠬᠤᠷᠠᠯ ᠳᠤ ᠣᠷᠣᠯᠴᠠᠪᠠ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠠᠶᠠᠷ ᠵᠠᠷᠤᠳ ᠬᠤᠰᠢᠭᠤᠨ ᠤ ᠦᠨᠳᠦᠰᠦᠲᠡᠨ ᠤ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠲᠠᠯ᠎ᠠ ᠪᠠᠷ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ ᠨᠤᠲᠠᠯᠠᠪᠠ | ᠃ ᠪᠠᠶᠠᠷ ᠠᠴᠠ᠂ ᠲᠣᠰ ᠤᠳᠠᠭᠠᠨ ᠤ ᠬᠤᠷᠠᠯ ᠪᠣᠯ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠂ ᠪᠠᠰᠠ ᠴᠤ ᠡᠯ᠎ᠡ ᠭᠠᠵᠠᠷ ᠤᠨ ᠮᠣᠩᠭᠤᠯ ᠡᠮ ᠡᠮᠨᠡᠯᠭᠡ ᠶᠢᠨ ᠬᠥᠮᠦᠰ ᠲᠤ ᠬᠠᠷᠢᠯᠴᠠᠨ | ᠰᠤᠷᠤᠯᠴᠠᠬᠤ᠂ ᠬᠠᠷᠢᠯᠴᠠᠨ ᠰᠣᠯᠢᠯᠴᠠᠬᠤ᠂ ᠬᠠᠷᠢᠯᠴᠠᠨ ᠲᠣᠯᠢᠯᠯᠠᠬᠤ᠂ ᠬᠠᠮᠲᠤ ᠪᠠᠷ ᠬᠥᠭᠵᠢᠬᠦ ᠲᠠᠪᠴᠠᠩ ᠬᠠᠩᠭᠠᠵᠤ᠂ | ᠡᠯ᠎ᠡ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠪᠠ ᠰᠢᠨ᠎ᠡ ᠶᠢ | ᠡᠭᠦᠳᠴᠦ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠣᠩᠭᠤᠯ ᠡᠮ | ᠡᠮᠨᠡᠯᠭᠡ ᠶᠢᠨ ᠣᠳᠣᠬᠢᠴᠢᠯᠠᠯᠲᠠ ᠶᠢ ᠠᠬᠢᠭᠤᠯᠵᠤ᠂ ᠪᠥᠬᠦ ᠣᠷᠣᠨ ᠤ ᠮᠣᠩᠭᠤᠯ ᠡᠮ ᠡᠮᠨᠡᠯᠭᠡ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠪᠡ᠃ | ᠳᠠᠷᠠᠭ᠎ᠠ ᠨᠢ᠂ ᠳᠤᠮᠳᠠᠳᠤ ᠤᠯᠤᠰ ᠤᠨ ᠡᠮ ᠡᠮᠨᠡᠯᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠢᠲᠠᠳ | ᠡᠮ ᠨᠠᠶᠢᠷᠠᠬᠤ ᠲᠤᠰᠬᠠᠶ ᠮᠡᠷᠭᠡᠵᠢᠯ ᠤᠨ ᠵᠥᠪᠯᠡᠯ ᠤᠨ ᠪᠠᠶᠢᠩᠭᠤ ᠶᠢᠨ ᠭᠡᠰᠢᠭᠦᠨ ᠵᠢᠤᠢ ᠵᠢᠶᠠᠨ ᠮᠢᠩ᠂ ᠳᠤᠮᠳᠠᠳᠤ | ᠤᠯᠤᠰ ᠤᠨ ᠡᠮ ᠡᠮᠨᠡᠯᠭᠡ ᠶᠢᠨ ᠲᠥᠰᠦᠪ ᠲᠥᠯᠥᠪᠯᠡᠭᠡ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢ ᠶᠠᠩ ᠰᠢᠶᠤᠤ ᠯᠢᠨ | ᠂ ᠤᠷᠠᠳ ᠤᠨ ᠬᠤᠶᠢᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠮᠢᠩ ᠬᠤᠸᠠ ᠵᠡᠷᠭᠡ ᠭᠤᠷᠪᠠᠨ | ᠲᠤᠰᠬᠠᠶ ᠮᠡᠷᠭᠡᠵᠢᠯᠲᠡᠨ ᠲᠣᠰ ᠲᠣᠰ ᠡᠮᠨᠡᠯᠭᠡ ᠶᠢᠨ ᠬᠤᠷᠢᠶᠠᠨ ᠤ ᠡᠮ ᠨᠠᠶᠢᠷᠠᠬᠤ ᠦᠢᠯᠡᠴᠢᠯᠡᠭᠡ᠂ ᠤᠨᠴᠠᠯᠢᠬᠳᠤ | ᠬᠥᠭᠵᠢᠯᠲᠡ ᠵᠢᠴᠢ ᠲᠠᠪᠴᠠᠩ ᠢ ᠬᠤᠪᠢᠷᠠᠭᠤᠯᠬᠤ ᠵᠡᠷᠭᠡ ᠲᠠᠯ᠎ᠠ ᠪᠠᠷ ᠬᠠᠮᠢᠶ᠎ᠠ ᠪᠥᠬᠦᠶ ᠪᠣᠯᠪᠠᠰᠤᠷᠠᠯ ᠬᠢᠪᠠ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠬᠤᠰᠢᠭᠤᠨ ᠤ ᠮᠣᠩᠭᠤᠯ ᠡᠮᠨᠡᠯᠭᠡ ᠶᠢᠨ | ᠬᠤᠷᠢᠶᠠᠨ ᠤ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠮᠣᠩᠭᠤᠯ ᠡᠮ | ᠡᠮᠨᠡᠯᠭᠡ ᠶᠢᠨ ᠤᠯᠠᠮᠵᠢᠯᠠᠯ ᠰᠢᠨᠡᠴᠢᠯᠡᠯᠲᠡ ᠬᠥᠭᠵᠢᠯᠲᠡ ᠵᠢᠴᠢ ᠤᠨᠴᠠᠯᠢᠬᠳᠤ ᠠᠵᠢᠯ ᠢ ᠥᠷᠨᠢᠭᠦᠯᠦᠭᠰᠡᠨ ᠪᠠᠶᠢᠳᠠᠯ ᠢ | ᠨᠠᠷᠢᠨ ᠣᠶᠢᠯᠠᠭᠠᠪᠠ᠃ | | | | |