3 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠮᠦ ᠲᠢᠶᠧ ᠮᠢᠨ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠯᠠᠮ ᠤᠲᠠᠰᠤ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃ ᠳᠡᠳ᠋ ᠬᠤᠰᠢᠭᠤᠨ ᠳᠠᠷᠤᠭ᠎ᠠ ᠫᠠᠨ ᠫᠧᠩ | ᠹᠸᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮ ᠤᠲᠠᠰᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠥᠬᠦᠶ | ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ︽ᠵᠠᠷᠤᠳ ᠬᠤᠰᠢᠭᠤᠨ ᠤ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮ ᠤᠲᠠᠰᠤ ᠶᠢ ᠭᠦᠢᠴᠡᠳᠭᠡᠬᠦ ᠲᠦᠷᠢᠮ ᠢ | ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠬᠦᠴᠢᠷ ᠲᠦᠪᠡᠭᠲᠡᠶ | ᠠᠵᠢᠯ ᠤᠨ ᠳᠠᠩᠰᠠ ᠬᠠᠭᠤᠳᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠢ ᠲᠣᠳᠣᠷᠬᠠᠶᠢᠯᠠᠪᠠ᠃ | 3 ᠰᠠᠷ᠎ᠠ ᠶᠢᠨ 7 ᠤ ᠡᠳᠦᠷ᠂ ᠪᠥᠬᠦ ᠬᠤᠰᠢᠭᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ | ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ ᠬᠤᠷᠠᠯ ᠳᠤ ᠣᠷᠣᠯᠴᠠᠪᠠ᠃ | ᠬᠤᠷᠠᠯ ᠠᠴᠠ ︽ᠵᠢᠷᠭᠤᠭᠠᠨ ᠢᠨᠵᠧᠨᠧᠷᠢᠩ︾ ᠤᠨ ᠲᠥᠰᠦᠯ ᠢ ᠲᠣᠭᠲᠠᠭᠠᠭᠰᠠᠨ ᠪᠠᠶᠢᠳᠠᠯ ᠵᠢᠴᠢ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | 3 ᠰᠠᠷ᠎ᠠ ᠶᠢᠨ 7 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠴᠠᠷ᠎ᠠ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠢᠪᠡ᠃ | ᠬᠤᠷᠠᠯ ᠠᠴᠠ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ | ᠵᠠᠳᠠᠯᠵᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | 3 ᠰᠠᠷ᠎ᠠ ᠶᠢᠨ 10 ᠤ ᠡᠳᠦᠷ᠂ ᠪᠥᠬᠦ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ | ᠲᠣᠭᠲᠠᠭᠠᠬᠤ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠳᠠᠷᠤᠭ᠎ᠠ ᠱᠠᠨ ᠬᠤᠸᠠ ᠴᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠠᠷᠢᠭᠤᠨ | ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠠᠴᠠ ᠬᠠᠮᠢᠶ᠎ᠠ ᠪᠥᠬᠦᠶ ᠠᠵᠢᠯ ᠢᠶᠠᠨ ᠲᠠᠰ ᠳᠠᠷᠠᠭᠠᠯᠠᠨ ᠬᠠᠷᠢᠭᠤ | ᠮᠡᠳᠡᠭᠦᠯᠦᠭᠰᠡᠨ ᠪᠥᠭᠡᠳ ᠤᠷᠢᠳᠴᠢᠯᠠᠨ ᠲᠣᠭᠲᠠᠭᠠᠭᠰᠠᠨ ᠴᠡᠷᠢᠭ ᠵᠢᠴᠢ ᠳᠠᠷᠠᠭᠠᠯᠠᠨ ᠨᠥᠬᠦᠪᠥᠷᠢᠯᠡᠬᠦ ᠡᠲᠡᠭᠡᠳ ᠤᠨ | ᠨᠡᠷᠡᠰ ᠢ ᠪᠠᠲᠤᠯᠠᠪᠠ᠃ | 3 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠤ ᠶᠠᠨ ᠵᠢᠶᠦ᠋ᠨ ︽ | ᠵᠢᠷᠭᠤᠭᠠᠨ ᠢᠨᠵᠧᠨᠧᠷᠢᠩ︾ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ᠂ ᠳᠡᠳ᠋ | ᠬᠤᠰᠢᠭᠤᠨ ᠳᠠᠷᠤᠭ᠎ᠠ ᠢᠦᠶ ᠬᠠᠶ ᠪᠦᠦ᠂ ᠼᠦᠢ ᠯᠸᠢ ᠯᠸᠢ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠳᠠᠷᠤᠭ᠎ᠠ ᠱᠠᠨ ᠬᠤᠸᠠ ᠴᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ︽ᠵᠢᠷᠭᠤᠭᠠᠨ | ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢᠶᠠᠨ ᠲᠤᠰ ᠪᠦᠷᠢ ᠬᠠᠷᠢᠭᠤ | ᠮᠡᠳᠡᠭᠦᠯᠪᠡ᠃ | 3 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ | ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ ᠬᠤᠷᠠᠯ ᠳᠤ ᠣᠷᠣᠯᠴᠠᠪᠠ᠃ | 3 ᠰᠠᠷ᠎ᠠ ᠶᠢᠨ 15 ᠤ ᠡᠳᠦᠷ᠂ ᠪᠥᠬᠦ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠬᠡᠷᠡᠭᠯᠡᠭᠡᠨ ᠤ | ᠠᠮᠢᠵᠢᠷᠠᠯ ᠤᠨ ᠬᠦᠴᠦᠨ ᠢ ᠬᠥᠭᠵᠢᠭᠡᠬᠦ︾ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ | ᠠᠰᠢᠭ ᠤᠨ ᠡᠳᠦᠷ ᠤᠨ ᠲᠣᠮᠣ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠳᠡᠳ᠋ ᠬᠤᠰᠢᠭᠤᠨ | ᠳᠠᠷᠤᠭ᠎ᠠ ᠳ᠋ᠢᠩ ᡁᠢ ᠭᠠᠩ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠳ᠋ᠢᠩ ᡁᠢ | ᠭᠠᠩ 2023 ᠣᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ | ᠦᠵᠡᠭᠦᠯᠬᠦ ᠵᠡᠭᠡᠯᠢ ᠲᠣᠭᠤᠷᠢᠭ ᠤᠨ ︵ᠬᠤᠳᠠᠯᠳᠤᠭᠠᠨ ᠤ ᠲᠣᠭᠤᠷᠢᠭ︶ ᠠᠯᠳᠠᠷ ᠣᠯᠤᠭᠰᠠᠨ ᠵᠠᠷᠤᠳ ᠬᠤᠰᠢᠭᠤᠨ ᠤ | ᠪᠦᠷᠢᠨ ᠪᠠᠷᠠᠭᠠᠲᠤ ᠲᠣᠮᠣ ᠠᠰᠠᠷ ᠲᠤ ᠫᠠᠶᠢᠰᠠ ᠣᠯᠭᠤᠪᠠ᠃ | 3 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠤᠷᠠᠯ ᠳᠤ | ᠣᠷᠣᠯᠴᠠᠪᠠ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ᠂ ᠪᠥᠬᠦ | ᠣᠷᠣᠨ ᠤ ᠬᠢᠨᠠᠨ ᠪᠤᠳᠤᠬᠤ ᠠᠵᠢᠯ ᠤᠨ ᠬᠤᠷᠠᠯ ᠬᠢᠭᠡᠳ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ᠂ | ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ ᠶᠢ | ᠤᠯᠠᠮᠵᠢᠯᠠᠨ ᠰᠤᠷᠤᠯᠴᠠᠪᠠ᠃ | 3 ᠰᠠᠷ᠎ᠠ ᠶᠢᠨ 16 ᠤ ᠡᠳᠦᠷ᠂ ᠪᠥᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ ᠶᠢ ᠡᠭᠦᠳᠦᠨ | ᠪᠠᠶᠢᠭᠤᠯᠬᠤ ᠲᠣᠬᠠᠢ ᠬᠤᠲᠠ ᠶᠢᠨ ᠳᠡᠰ ᠤᠨ ᠵᠢᠭᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ | ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠵᠢᠯᠣᠭᠤᠳᠬᠤ | ᠳᠤᠭᠤᠶᠢᠯᠠᠩ ᠤᠨ ᠬᠢᠨ ᠤᠯᠤᠰ ᠤᠨ ᠠᠷᠢᠭᠤᠨ ᠴᠡᠪᠡᠷ ᠬᠤᠰᠢᠭᠤ ᠶᠢ ᠡᠭᠦᠳᠦᠨ ᠪᠠᠶᠢᠭᠤᠯᠬᠤ ᠶᠢᠨ ᠠᠴᠢ ᠬᠤᠯᠪᠣᠭᠳᠠᠯ | ᠂ ᠣᠳᠣᠬᠠᠨ ᠤ ᠪᠠᠶᠢᠳᠠᠯ᠂ ᠣᠨᠴᠠᠯᠢᠭ᠂ ᠱᠠᠭᠠᠷᠳᠠᠯᠭ᠎ᠠ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ | ᠠᠬᠤᠢ ᠭᠠᠵᠠᠷ ᠲᠤᠨᠢ ᠰᠤᠷᠪᠤᠯᠵᠢᠯᠠᠭᠰᠠᠨ ᠬᠡᠷᠡᠯ ᠵᠢᠷᠤᠭ ᠢ ᠦᠵᠡᠬᠦ ᠬᠡᠯᠪᠡᠷᠢ ᠪᠠᠷ ᠠᠰᠠᠭᠤᠳᠠᠯ ᠢ ᠵᠢᠭᠠᠨ ᠭᠠᠷᠭᠠᠵᠤ᠂ | ᠬᠠᠨᠳᠤᠯᠭᠠᠲᠤ ᠴᠢᠨᠠᠷᠲᠠᠶ ᠵᠢᠯᠣᠭᠤᠳᠬᠤ ᠰᠠᠨᠠᠯ ᠳᠣᠷᠠᠳᠪᠠ᠃ | 3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠪᠥᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ᠂ ᠠᠷᠢᠭᠤᠨ ᠴᠡᠪᠡᠷ ᠰᠢᠶᠠᠩ | ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ | ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠬᠤᠷᠠᠯ ᠳᠤ | ᠣᠷᠣᠯᠴᠠᠪᠠ᠃ ᠬᠤᠷᠠᠯ ᠠᠴᠠ 3 ᠰᠠᠷ᠎ᠠ ᠶᠢᠨ 16 ᠤ ᠡᠳᠦᠷ ᠤᠯᠤᠰ ᠤᠨ ᠲᠤᠰᠬᠠᠶ ᠮᠡᠷᠭᠡᠵᠢᠯᠲᠡᠨ ᠠᠴᠠ ᠪᠥᠬᠦ | ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ | ᠭᠠᠵᠠᠷ ᠲᠤᠨᠢ ᠵᠢᠯᠣᠭᠤᠳᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠣᠳᠣᠬᠠᠨ ᠤ ᠪᠥᠬᠦ | ᠬᠤᠰᠢᠭᠤᠨ ᠤ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ | ᠵᠠᠷᠯᠠᠨ ᠮᠡᠳᠡᠭᠳᠡᠪᠡ᠃ | 3 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠱᠠᠨ | ᠰᠢ ᠶᠢᠨ ᠣᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠶᠢᠨ | ᠺᠣᠮᠫᠠᠨᠢ ᠶᠢᠨ ᠪᠣᠬᠢᠷᠲᠤᠯ ᠥᠬᠡᠶ ᠠᠭᠠᠷ ᠤᠨ ᠠᠶᠠᠯᠠᠯ ᠤᠨ ᠨᠡᠭᠦᠷᠡᠰᠦᠨ ᠲᠣᠰᠣᠨ ᠤ ᠲᠥᠷᠥᠯ ᠵᠦᠢᠯ ᠤᠨ ᠭᠡᠷ᠎ᠡ | ᠲᠣᠭᠲᠠᠬᠤ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠵᠠᠷᠤᠳ ᠬᠤᠰᠢᠭᠤᠨ ᠤ ᠰᠠᠯᠬᠢᠨ | ᠴᠠᠬᠢᠯᠭᠠᠨ ᠤ 35 ᠲᠦᠮᠡᠨ ᠲᠣᠨ ᠪᠣᠬᠢᠷᠲᠤᠯ ᠥᠬᠡᠶ ᠠᠭᠠᠷ ᠤᠨ ᠠᠶᠠᠯᠠᠯ ᠤᠨ ᠨᠡᠭᠦᠷᠡᠰᠦᠨ ᠲᠣᠰᠣᠨ ᠤ ᠲᠥᠷᠥᠯ | ᠵᠦᠢᠯ ᠤᠨ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠪᠠ᠃ | 3 ᠰᠠᠷ᠎ᠠ ᠶᠢᠨ 21 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠦᠯᠬᠦᠮ ᠳᠠᠭᠠᠭᠤᠯᠤᠨ | ᠬᠤᠰᠢᠭᠤᠨ ᠤ ᠲᠠᠷᠢᠶᠠᠯᠠᠩ ᠤᠨ ᠠᠷᠠᠯᠵᠢᠶᠠᠨ ᠤ ᠶᠡᠭᠡ ᠲᠢᠩᠬᠢᠮ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ | ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ | ᠵᠢᠵᠢᠭ ᠢᠳᠡᠭᠡᠨ ᠤ ᠳᠡᠯᠭᠡᠭᠦᠷ᠂ ᠵᠢᠵᠢᠭ ᠳᠡᠯᠭᠡᠭᠦᠷᠴᠢᠨ ᠵᠡᠷᠭᠡ ︽ᠳᠥᠷᠪᠡᠨ ᠵᠢᠵᠢᠭ︾ ᠠᠵᠢᠯ ᠲᠥᠷᠥᠯ ᠤᠨ | ᠭᠤᠤᠯ ᠴᠣᠭᠴᠠ ᠶᠢᠨ ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠪᠠ᠃ | 3 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠳᠡᠳ᠋ ᠳᠠᠷᠤᠭ᠎ᠠ ᠵᠣᠣ ᠢᠦᠶ ᠱᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ | ᠬᠤᠰᠢᠭᠤᠨ ᠳᠤ ᠢᠷᠡᠵᠦ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠴᠡᠭ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠭᠰᠠᠨ ᠪᠥᠭᠡᠳ ᠰᠠᠭᠤᠳᠠᠯ ᠤᠨ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ | ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠳᠤ ᠣᠷᠣᠯᠴᠠᠪᠠ᠃ | 3 ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ ᠬᠤᠳᠠᠯᠳᠣᠭᠠᠴᠢᠨ ᠤᠷᠢᠵᠤ ᠪᠠᠯᠠ ᠲᠠᠲᠠᠬᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠶᠣᠣ ᠼᠠᠢ ᠶᠠᠨ | ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ 2023 ᠣᠨ ᠤ ᠪᠥᠬᠦ ᠬᠤᠰᠢᠭᠤᠨ ᠤ ᠬᠤᠳᠠᠯᠳᠣᠭᠠᠴᠢᠨ ᠤᠷᠢᠵᠤ | ᠪᠠᠯᠠ ᠲᠠᠲᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ 2023 ᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠡᠷᠢᠭᠦᠨ ᠤ ᠬᠠᠮᠲᠤ᠂ ᠰᠢᠨ᠎ᠡ ᠶᠢ ᠡᠭᠦᠳᠦᠭᠰᠡᠨ ᠬᠠᠮᠤᠭ ᠤᠨ | ᠰᠢᠯᠢᠳᠡᠭ ᠵᠢᠱᠢᠶ᠎ᠡ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ︔ 2024 ᠣᠨ ᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠥᠰᠥᠭ ᠵᠢᠷᠤᠪᠠ᠃ | 3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠬᠤᠰᠢᠭᠤᠨ ᠤ ᠨᠠᠮ ᠤᠨ ᠬᠤᠷᠢᠶᠠᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ | ᠬᠤᠷᠠᠯ ᠵᠢᠴᠢ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠤᠷᠠᠯ ᠢ ᠡᠷᠭᠢᠯᠡᠨ | ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠼᠦᠢ ᠯᠸᠢ | ᠯᠸᠢ ᠪᠥᠬᠦ ᠬᠤᠰᠢᠭᠤᠨ ᠤ 2024 ᠣᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠢ ᠨᠠᠷᠢᠨ ᠨᠢᠮᠪᠠᠶ | ᠪᠠᠶᠢᠷᠢᠯᠠᠭᠤᠯᠪᠠ︔ ᠡᠯ᠎ᠡ ᠰᠤᠮᠤ ᠪᠠᠯᠭᠠᠰᠤ ᠲᠠᠯᠠᠪᠠᠢ ᠬᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ | ᠵᠢᠷᠤᠪᠠ᠃ | 3 ᠰᠠᠷ᠎ᠠ ᠶᠢᠨ 25 ᠤ ᠡᠳᠦᠷ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠤᠨ ᠬᠤᠷᠠᠯ ᠵᠢᠴᠢ | ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠬᠤᠷᠠᠯ | ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ 2023 ᠣᠨ ᠤ ᠪᠥᠬᠦ ᠬᠤᠰᠢᠭᠤᠨ ᠤ ᠰᠣᠶᠣᠯ | ᠵᠢᠭᠤᠯᠴᠢᠯᠠᠯ ᠤᠨ ᠠᠵᠢᠯ ᠢ ᠳ᠋ᠦᠩᠨᠡᠵᠦ᠂ 2024 ᠣᠨ ᠤ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ | ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠤᠭᠰᠠᠨ ᠪᠥᠭᠡᠳ 2024 ᠣᠨ ᠤ ᠨᠠᠮ ᠤᠨ ᠰᠤᠷᠲᠠᠯ | ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ︔ ᠪᠥᠬᠦ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | 3 ᠰᠠᠷ᠎ᠠ ᠶᠢᠨ 25 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ | ᠪᠠᠶᠢᠴᠠᠭᠠᠬᠤ ᠳᠤᠭᠤᠶᠢᠯᠠᠩ ᠬᠢᠨ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠠᠵᠢᠯ ᠢ ᠳᠡᠰ | ᠳᠡᠪᠰᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠢᠪᠡ᠃ ᠬᠤᠷᠠᠯ ᠳᠡᠭᠡᠷ᠎ᠡ᠂ ᠴᠠᠭᠳᠠᠨ ᠪᠠᠶᠢᠴᠠᠭᠠᠬᠤ | ᠳᠤᠭᠤᠶᠢᠯᠠᠩ ᠤᠨ ᠬᠢᠨ ᠴᠠᠭᠳᠠᠨ ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠲᠤᠬᠢᠷᠠᠭᠤᠯᠤᠯᠳᠠ ᠶᠢ ᠮᠡᠳᠡᠭᠳᠡᠭᠰᠡᠨ | ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠳᠠᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ | ᠱᠠᠭᠠᠷᠳᠠᠯᠭ᠎ᠠ ᠳᠣᠷᠠᠳᠪᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ | ᠱᠠᠨ ᠬᠤᠸᠠ ᠴᠢ ᠬᠤᠷᠠᠯ ᠳᠤ ᠣᠷᠣᠯᠴᠠᠪᠠ᠃ | 3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠸᠧᠨ ᠯᠠᠨ ᠪᠥᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ᠂ ᠠᠷᠢᠭᠤᠨ ᠴᠡᠪᠡᠷ ᠰᠢᠶᠠᠩ | ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ | ᠳᠠᠷᠤᠭ᠎ᠠ ᠳ᠋ᠢᠩ ᡁᠢ ᠭᠠᠩ᠂ ᠵᠠᠩ ᠯᠢ ᠭᠦᠸᠧ ᠪᠠᠶᠢᠴᠠᠭᠠᠯᠲᠠ ᠳᠤ ᠣᠷᠣᠯᠴᠠᠪᠠ᠃ ᠪᠦᠦ ᠸᠧᠨ ᠯᠠᠨ ᠬᠠᠮᠲᠤ | ᠶᠠᠪᠣᠭᠰᠠᠳ ᠲᠠᠢ ᠪᠠᠨ ᠤᠷᠢᠳ ᠬᠤᠵᠢᠳ ᠯᠢᠶᠠᠨ ᠾᠧ ᠰᠢᠨ᠎ᠡ ᠲᠣᠰᠬᠤᠨ᠂ ᠪᠸᠢ ᠱᠠ ᠪᠦᠦ ᠵᠥᠷᠢᠭ ᠵᠠᠮ ᠵᠡᠷᠭᠡ | ᠭᠠᠵᠠᠷ ᠲᠤ ᠬᠦᠷᠴᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠪᠠᠷ ᠭᠤᠣᠯ ᠬᠤᠳᠠ ᠶᠢᠨ | ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠶᠢ | ᠠᠬᠤᠢ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠵᠤ᠂ ᠠᠷᠢᠭᠤᠨ ᠴᠡᠪᠡᠷ ᠬᠤᠰᠢᠭᠤ ᠶᠢ ᠡᠭᠦᠳᠬᠦ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠠᠬᠤᠢ ᠭᠠᠵᠠᠷ ᠲᠤᠨᠢ | ᠲᠤᠰᠢᠶᠠᠨ ᠥᠭᠴᠦ ᠰᠢᠢᠳᠪᠦᠷᠢᠯᠡᠭᠦᠯᠬᠦ ᠶᠢᠨ ᠬᠠᠮᠲᠤ ᠪᠣᠳᠠᠲᠠᠢ ᠱᠠᠭᠠᠷᠳᠠᠯᠭ᠎ᠠ ᠳᠣᠷᠠᠳᠪᠠ᠃ | 3 ᠰᠠᠷ᠎ᠠ ᠶᠢᠨ 27 ᠤ ᠡᠳᠦᠷ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠪᠥᠬᠦ ᠬᠤᠰᠢᠭᠤᠨ ᠤ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ 2024 ᠣᠨ ᠤ | ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠢᠪᠡ᠃ ᠬᠤᠷᠠᠯ ᠳᠡᠭᠡᠷ᠎ᠡ ᠵᠠᠷᠤᠳ ᠬᠤᠰᠢᠭᠤᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ ᠰᠠᠭᠤᠷᠢᠨ ᠭᠠᠵᠠᠷ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ | ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ |