| ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠂ ᠡᠨᠡ ᠵᠢᠯ ᠤᠨ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ︽ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ | ᠬᠦ ᠪᠠᠲᠤᠯᠠᠬᠤ︾ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠪᠠ᠃ | | | ᠨᠠᠮᠤᠷ ᠤᠨ ᠬᠤᠭᠤᠰ ᠣᠶᠢᠷᠠᠳᠬᠤ ᠶᠢ ᠳᠠᠭᠠᠯᠳᠤᠨ᠂ ᠥᠷᠭᠡᠨ ᠠᠭᠤᠳᠠᠮ ᠬᠡᠭᠡᠷ᠎ᠡ ᠲᠠᠯ᠎ᠠ ᠳᠤ ᠲᠠᠷᠢᠶᠠᠯᠠᠩ ᠤᠨ | ᠮᠠᠰᠢᠨ ᠤ ᠬᠦᠩᠭᠢᠨᠡᠬᠦ ᠳᠠᠭᠤᠨ ᠶᠠᠭ ︽ᠡᠯᠪᠡᠭ ᠬᠤᠷᠢᠶᠠᠯᠲᠠ ᠶᠢᠨ ᠤᠷᠤᠭᠰᠢᠯᠠᠯᠲᠠ ᠶᠢᠨ ᠬᠥᠭᠵᠢᠮ︾ ᠢ | ᠬᠥᠭᠵᠢᠮᠳᠡᠵᠦ ᠪᠠᠶᠢᠯ᠎ᠠ᠃ ᠵᠠᠷᠤᠳ ᠬᠤᠰᠢᠭᠤ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠡᠨᠡ ᠵᠢᠯ ᠤᠨ ᠡᠬᠢ ᠪᠠᠷ ᠮᠦ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠡᠬᠢᠯᠡᠭᠦᠯᠵᠦ᠂ ᠡᠷᠳᠡᠨᠢ ᠰᠢᠰᠢ ᠶᠢ ᠨᠢᠭᠲᠠ ᠳᠠᠷᠢᠬᠤ ᠣᠨᠣᠴᠠᠲᠠᠢ ᠡᠵᠡᠮᠳᠡᠬᠦ ᠮᠡᠷᠭᠡᠵᠢᠯ ᠪᠠᠷ᠂ ᠡᠷᠳᠡᠨᠢ | ᠰᠢᠰᠢ ᠶᠢᠨ ᠮᠦ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ ᠤᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ᠂ ᠮᠦ ᠶᠢᠨ | ᠤᠨᠠᠯᠲᠠ ᠶᠢ ᠳᠡᠭᠡᠭᠰᠢᠯᠡᠭᠦᠯᠵᠦ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ | | | ᠣᠳᠣᠬᠠᠨ ᠳᠤ᠂ ᠶᠠᠭ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠢᠳᠡᠭᠡ ᠰᠠᠭᠤᠬᠤ ᠰᠢᠵᠢᠷ ᠠᠯᠲᠠᠨ ᠴᠠᠭ | ᠦᠶ᠎ᠡ ᠪᠣᠯᠬᠤ ᠪᠥᠭᠡᠳ ᠤᠨᠠᠯᠲᠠ ᠶᠢᠨ ᠪᠦᠷᠢᠯᠳᠦᠬᠦ ᠵᠠᠩᠭᠢᠯᠠᠭ᠎ᠠ ᠶᠢᠨ ᠱᠠᠲᠤ ᠦᠶ᠎ᠡ ᠪᠣᠯᠤᠨ᠎ᠠ᠃ ᠥᠯᠵᠡᠶᠢᠮᠥ᠋ᠷᠡᠨ | ᠰᠤᠮᠤ ᠶᠢᠨ ᠲᠢᠶᠠᠨ ᠶᠢᠤ ᠲᠠᠷᠢᠮᠠᠯ ᠤᠨ ᠲᠤᠰᠬᠠᠶ ᠬᠤᠷᠰᠢᠶ᠎ᠠ ᠶᠢᠨ 4500 ᠮᠥ ᠰᠢᠷ᠎ᠠ ᠪᠤᠷᠴᠠᠭ ᠡᠷᠳᠡᠨᠢ ᠰᠢᠰᠢ ᠶᠢ | ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠣᠷᠣᠨ ᠳᠤ᠂ ᠠᠵᠢᠯᠲᠠᠳ ᠶᠠᠭ ᠤᠷᠭᠤᠮᠠᠯ ᠢ ᠬᠠᠮᠠᠭᠠᠯᠠᠬᠤ ᠭᠠᠷ | ᠡᠵᠡᠮᠳᠡᠭᠦᠷ ᠨᠢᠰᠭᠡᠯ ᠢᠶᠠᠷ ᠨᠠᠪᠴᠢᠨ ᠤ ᠪᠣᠷᠳᠣᠭᠤᠷ᠂ ᠲᠣᠬᠢᠷᠠᠭᠤᠯᠬᠤ ᠡᠳ᠋᠂ ᠪᠠᠺᠲ᠋ᠧᠷᠢ ᠠᠯᠠᠬᠤ ᠡᠳ᠋ ᠵᠡᠷᠭᠡ ᠶᠢ | ᠰᠦᠷᠴᠢᠵᠦ᠂ ᠢᠳᠡᠭᠡ ᠪᠣᠯᠪᠠᠰᠤᠷᠠᠬᠤ ᠶᠢ ᠪᠦᠲᠦᠮᠵᠢᠲᠡᠶ ᠠᠬᠢᠭᠤᠯᠬᠤ ᠶᠢᠨ ᠬᠠᠮᠲᠤ ᠡᠪᠡᠳᠴᠢᠨ ᠬᠤᠷᠣᠬᠠᠶ ᠶᠢᠨ | ᠬᠥᠨᠥᠭᠡᠯ ᠢ ᠪᠠᠭᠠᠰᠬᠠᠵᠤ᠂ ᠡᠭᠦᠨ ᠤ ᠤᠯᠠᠮ ᠠᠴᠠ ᠤᠨᠠᠯᠲᠠ ᠶᠢ ᠳᠡᠭᠡᠭᠰᠢᠯᠡᠭᠦᠯᠵᠦ ᠪᠠᠶᠢᠨ᠎ᠠ᠃ | | | ︽ᠪᠢᠳᠡ ᠡᠨᠡ ᠵᠢᠯ ᠬᠤᠯᠢᠯᠳᠣᠭᠤᠯᠣᠨ ᠳᠠᠷᠢᠵᠤ᠂ ᠡᠷᠳᠡᠨᠢ ᠰᠢᠰᠢ ᠶᠢ ᠨᠢᠭᠡ ᠮᠥ ᠨᠢᠭᠲᠠ ᠳᠠᠷᠢᠵᠤ 6000 | ᠰᠠᠭᠤᠷᠢ ᠴᠢᠬᠢ ᠪᠠᠲᠣᠯᠠᠵᠤ᠂ ᠡᠭᠦᠨ ᠤ ᠳᠡᠭᠡᠷ᠎ᠡ ᠡᠨᠡ ᠵᠢᠯ ᠤᠨ ᠪᠣᠷᠤᠭ᠎ᠠ ᠬᠤᠷ᠎ᠠ ᠲᠡᠩᠴᠡᠵᠦ᠂ ᠵᠢᠱᠢᠯᠲᠡ ᠪᠠᠷ | ᠡᠷᠳᠡᠨᠢ ᠰᠢᠰᠢ ᠶᠢᠨ ᠮᠦ ᠪᠦᠷᠢ ᠶᠢᠨ ᠣᠨᠠᠯᠲᠠ ᠨᠠᠭᠠᠲᠤ ᠵᠠᠬ᠎ᠠ ᠳᠠᠭᠠᠨ 2000 ᠵᠢᠩ ᠲᠤᠯᠵᠤ᠂ ᠪᠤᠷᠴᠠᠭ 200 - | 300 ᠵᠢᠩ ᠣᠨᠠᠵᠤ᠂ ᠡᠯᠪᠡᠭ ᠬᠤᠷᠢᠶᠠᠯᠲᠠ ᠤᠯᠬᠤ ᠪᠣᠯᠤᠨ᠎ᠠ᠃︾ ᠭᠡᠵᠦ ᠲᠢᠶᠠᠨ ᠶᠢᠦ ᠲᠠᠷᠢᠮᠠᠯ ᠤᠨ ᠲᠤᠰᠬᠠᠢ | ᠬᠤᠷᠰᠢᠶᠠᠨ ᠤ ᠭᠡᠰᠢᠭᠦᠨ ᠰᠦᠨ ᠬᠤᠩ ᠯᠢ ᠬᠡᠯᠡᠪᠡ᠃ | ᠡᠨᠡ ᠵᠢᠯ᠂ ᠲᠢᠶᠠᠨ ᠶᠢᠤ ᠲᠠᠷᠢᠮᠠᠯ ᠤᠨ ᠲᠤᠰᠬᠠᠶ ᠬᠤᠷᠰᠢᠶ᠎ᠠ ᠨᠡᠶᠢᠲᠡ 6000 ᠮᠥ ᠳᠠᠷᠢᠵᠤ᠂ ᠡᠭᠦᠨ ᠳᠤ | ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠬᠤᠯᠢᠯᠳᠣᠭᠤᠯᠣᠨ ᠳᠠᠷᠢᠬᠤ ᠲᠠᠯᠠᠪᠠᠶ 4500 ᠮᠥ᠂ | ᠰᠢᠷ᠎ᠠ ᠪᠤᠷᠴᠠᠭ ᠤᠨ ᠲᠠᠯᠠᠪᠠᠶ 1500 ᠮᠥ ᠪᠣᠶ᠃ ᠬᠤᠷᠰᠢᠶ᠎ᠠ ᠬᠢᠨ ᠡᠷᠳᠡᠨᠢ ᠰᠢᠰᠢ ᠰᠢᠷ᠎ᠠ ᠪᠤᠷᠴᠠᠭ ᠢ ᠡᠭᠡᠯᠵᠢᠯᠡᠨ | ᠳᠠᠷᠢᠬᠤ᠂ ᠰᠢᠨᠵᠢᠯᠡᠬᠦ ᠤᠬᠠᠭᠠᠨᠴᠢᠯᠠᠬᠤ᠂ ᠮᠠᠰᠢᠨᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ | ᠰᠢᠷᠣᠶ ᠶᠢᠨ ᠠᠰᠢᠭᠯᠠᠯᠲᠠ ᠶᠢᠨ ᠨᠣᠷᠮ᠎ᠠ ᠪᠣᠯᠤᠨ ᠭᠠᠷᠤᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠠᠵᠠᠷ ᠰᠢᠷᠣᠶ ᠶᠢᠨ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠂ | ᠤᠰᠤᠨ ᠤ ᠡᠬᠢ ᠪᠠᠶᠠᠯᠢᠭ ᠢ ᠠᠷᠪᠢᠯᠠᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠪᠣᠯᠣᠨ᠎ᠠ᠃ | ︽ᠳᠥᠷᠪᠡᠨ ᠳᠠᠯᠠᠩ ᠡᠷᠳᠡᠨᠢ ᠰᠢᠰᠢ ᠳᠥᠷᠪᠡᠨ ᠳᠠᠯᠠᠩ ᠰᠢᠷ᠎ᠠ ᠪᠤᠷᠴᠠᠭ ᠢ ᠬᠤᠯᠢᠯᠳᠣᠭᠤᠯᠣᠨ ᠳᠠᠷᠢᠪᠠᠯ ᠰᠠᠯᠬᠢ | ᠰᠠᠶᠢᠨ ᠨᠡᠪᠲᠡᠷᠡᠵᠦ᠂ ᠬᠡᠷᠡᠯ ᠭᠦᠢᠴᠡᠳ ᠪᠠᠶᠢᠳᠠᠭ᠂ ᠢᠩᠭᠢᠪᠡᠯ ᠮᠠᠨ ᠤ ᠡᠷᠳᠡᠨᠢ ᠰᠢᠰᠢ ᠰᠢᠷ᠎ᠠ ᠪᠤᠷᠴᠠᠭ ᠤᠨ | ᠥᠰᠥᠯᠲᠡ ᠳᠤ ᠰᠠᠶᠢᠨ᠂ ᠤᠨᠠᠯᠲᠠ ᠶᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠶ ᠶᠤᠮ ᠃︾ | ᠭᠡᠵᠦ ᠰᠦᠨ ᠬᠤᠩ ᠯᠢ ᠬᠡᠯᠡᠪᠡ᠃ | | | ᠡᠨᠡ ᠵᠢᠯ᠂ ᠵᠠᠷᠤᠳ ᠬᠤᠰᠢᠭᠤᠨ ᠤ ᠱᠤᠸᠠᠩ ᠰᠢ ᠲᠠᠷᠢᠮᠠᠯ ᠤᠨ ᠬᠤᠷᠰᠢᠶ᠎ᠠ ᠡᠷᠳᠡᠨᠢ ᠰᠢᠰᠢ ᠶᠢ ᠨᠢᠭᠲᠠ | ᠳᠠᠷᠢᠬᠤ ᠮᠡᠷᠭᠡᠵᠢᠯ ᠢᠶᠠᠷ 3 ᠲᠦᠮᠡᠨ ᠮᠥ ᠥᠨᠳᠥᠷ ᠤᠨᠠᠯᠲᠠ ᠲᠠᠢ ᠡᠷᠳᠡᠨᠢ ᠰᠢᠰᠢ ᠳᠠᠷᠢᠪᠠ᠃ ᠬᠤᠷᠰᠢᠶ᠎ᠠ ᠬᠢᠨ | ᠰᠠᠶᠢᠨ ᠦᠷ᠎ᠡ ᠢ ᠰᠣᠩᠭᠤᠨ ᠬᠡᠷᠡᠭᠯᠡᠬᠦ᠂ ᠨᠢᠭᠲᠠ ᠳᠠᠷᠢᠵᠤ ᠳᠤᠰᠤᠯᠭᠠᠨ ᠤᠰᠤᠯᠠᠬᠤ᠂ ᠨᠠᠷᠢᠯᠢᠭ ᠲᠠᠷᠢᠬᠤ᠂ ᠬᠢᠮᠢ ᠶᠢᠨ | ᠡᠳ᠋ ᠢᠶᠠᠷ ᠰᠡᠷᠭᠡᠶᠢᠯᠡᠨ ᠡᠵᠡᠮᠳᠡᠬᠦ᠂ ᠡᠪᠡᠳᠴᠢᠨ ᠬᠤᠷᠣᠬᠠᠶ ᠶᠢ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ | ᠮᠡᠷᠭᠡᠵᠢᠯ ᠢ ᠬᠡᠷᠡᠭᠯᠡᠵᠦ᠂ ᠡᠷᠳᠡᠨᠢ ᠰᠢᠰᠢ ᠶᠢᠨ ᠮᠦ ᠶᠢᠨ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | ︽ᠮᠠᠨ ᠤ ᠲᠠᠷᠢᠭᠰᠠᠨ ᠨᠢ ᠪᠣᠯ ᠰᠢᠵᠢᠷ ᠠᠯᠲᠠ 5 ᠳ᠋ᠤᠭᠠᠷ ᠨᠣᠮᠧᠷᠲᠤ ᠲᠥᠷᠥᠯ ᠵᠦᠢᠯ ᠮᠥᠨ᠂ 6000 | ᠭᠠᠷᠤᠶ ᠰᠠᠭᠤᠷᠢ ᠨᠢᠭᠲᠠ ᠳᠠᠷᠢᠵᠤ᠂ ᠭᠠᠷᠤᠯᠲᠠ ᠨᠢ ᠨᠢᠳᠤᠨᠤᠨ ᠤ ᠬᠢ ᠠᠴᠠ ᠪᠠᠰᠠ ᠰᠠᠶᠢᠨ ᠪᠠᠶᠢᠨ᠎ᠠ᠂ ᠨᠢᠳᠤᠨᠤᠨ ᠪᠢ | 2100 ᠵᠢᠩ ᠠᠴᠠ 2200 ᠵᠢᠩ ᠨᠤᠶᠢᠲᠠᠨ ᠪᠤᠳᠠᠭ᠎ᠠ ᠬᠤᠷᠢᠶᠠᠪᠠ᠂ ᠡᠨᠡ ᠵᠢᠯ ᠪᠢ ᠥᠪᠡᠷ ᠢᠶᠠᠨ 2400 | ᠵᠢᠩ ᠠᠴᠠ 2500 ᠵᠢᠩ ᠤᠨᠠᠯᠲᠠ ᠲᠠᠢ ᠪᠣᠯᠣᠨ᠎ᠠ ᠭᠡᠵᠦ ᠵᠢᠱᠢᠪᠡ᠃︾ ᠱᠤᠸᠠᠩ ᠰᠢ ᠲᠠᠷᠢᠮᠠᠯ ᠤᠨ | ᠬᠤᠷᠰᠢᠶᠠᠨ ᠤ ᠬᠠᠷᠢᠭᠤᠴᠠᠯᠭᠠᠲᠠᠨ ᠰᠢᠶᠧ ᠶᠦᠩ ᠱᠢ ᠪᠠᠶᠠᠷ ᠲᠠᠢ ᠪᠠᠷ ᠬᠡᠯᠡᠪᠡ᠃ | 2024 ᠣᠨ ᠳᠤ᠂ ᠵᠠᠷᠤᠳ ᠬᠤᠰᠢᠭᠤ ︽ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ | ᠰᠢᠷᠤᠢ ᠶᠢ ᠲᠤᠭᠲᠠᠪᠤᠷᠢᠵᠢᠭᠤᠯᠬᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠭᠡ ᠮᠡᠷᠭᠡᠵᠢᠯ ᠳᠤ | ᠲᠦᠰᠢᠭᠯᠡᠬᠦ︾ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠣᠳᠣᠬᠢᠴᠢᠯᠠᠯᠲᠠ ᠶᠢ | ᠪᠡᠶᠡᠯᠡᠭᠦᠯᠬᠦ ᠪᠠᠷ ᠶᠡᠷᠦᠩᠬᠡᠢ ᠬᠠᠷᠠᠯᠲᠠ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ | ᠪᠠᠲᠤ ᠡᠭᠦᠷᠭᠡᠯᠡᠵᠦ᠂ ︽ᠮᠡᠷᠭᠡᠵᠢᠯ ᠢ ᠠᠬᠢᠭᠤᠯᠬᠤ᠂ ᠮᠦ ᠶᠢᠨ ᠤᠨᠠᠯᠲᠠ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠰᠠᠶᠢᠨ ᠦᠷ᠎ᠡ᠂ ᠰᠠᠶᠢᠨ ᠠᠷᠭ᠎ᠠ᠂ ᠰᠠᠶᠢᠨ ᠳᠥᠷᠢᠮ᠂ ᠰᠠᠶᠢᠨ ᠲᠠᠷᠢᠶ᠎ᠠ᠂ | ᠰᠠᠶᠢᠨ ᠮᠠᠰᠢᠨ ᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠲᠠᠷᠢᠶᠠᠯᠠᠩ ᠤᠨ | ᠲᠠᠷᠢᠮᠠᠯ ᠤᠨ ᠪᠦᠲᠦᠴᠡ ᠶᠢ ᠢᠳᠡᠪᠬᠢᠲᠡᠢ ᠰᠢᠯᠢᠳᠡᠭᠵᠢᠭᠦᠯᠵᠦ᠂ ᠮᠡᠷᠭᠡᠵᠢᠯ ᠢ ᠬᠤᠷᠠᠮᠳᠣᠭᠤᠯᠬᠤ᠂ ᠦᠷ᠎ᠡ ᠶᠢ | ᠰᠢᠯᠢᠳᠡᠭᠵᠢᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠤᠬᠠᠭᠤᠯᠤᠨ ᠳᠡᠯᠭᠡᠷᠡᠭᠦᠯᠬᠦ᠂ ᠮᠡᠷᠭᠡᠵᠢᠯ ᠤᠨ | ᠵᠢᠯᠤᠭᠤᠳᠤᠯᠭ᠎ᠠ ᠪᠣᠯᠪᠠᠰᠤᠷᠠᠯ ᠬᠢᠬᠦ ᠵᠡᠷᠭᠡ ᠤᠯᠠᠨ ᠲᠠᠯ᠎ᠠ ᠠᠴᠠ ᠠᠵᠢᠯ ᠢᠶᠠᠨ ᠥᠷᠨᠢᠭᠦᠯᠵᠦ᠂ ᠰᠢᠨ᠎ᠡ ᠮᠠᠰᠢᠨ ᠪᠠᠭᠠᠵᠢ᠂ | ᠰᠢᠨ᠎ᠡ ᠮᠡᠷᠭᠡᠵᠢᠯ ᠢ ᠳᠡᠯᠭᠡᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠪᠣᠯᠤᠨ ᠰᠢᠨᠵᠢᠯᠡᠭᠡ | ᠮᠡᠷᠭᠡᠵᠢᠯ ᠤᠨ ᠳᠠᠭᠠᠭᠤᠯᠤᠭᠴᠢ ᠶᠢ ᠪᠣᠯᠪᠠᠰᠤᠷᠠᠭᠤᠯᠬᠤ ᠶᠢᠨ ᠬᠠᠮᠲᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ | ᠵᠣᠬᠢᠶᠠᠨ ᠪᠠᠶᠢᠭᠤᠯᠤᠨ ᠮᠡᠷᠭᠡᠵᠢᠯ ᠤᠨ ᠵᠢᠯᠤᠭᠤᠳᠤᠯᠭ᠎ᠠ ᠬᠢᠯᠭᠡᠵᠦ᠂ ᠮᠦ ᠶᠢᠨ ᠤᠨᠠᠯᠲᠠ ᠶᠢ ᠳᠡᠭᠡᠭᠰᠢᠯᠡᠭᠦᠯᠬᠦ | ᠮᠡᠷᠭᠡᠵᠢᠯ ᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠬᠦᠴᠦᠯᠡᠨ | ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠪᠠ᠃ | | | | | |