ᠵᠢᠷᠦᠬᠡ ᠪᠠᠯᠭᠠᠰᠤ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠶᠤᠯᠭᠦᠶ ᠤᠶᠢᠯᠡᠳᠪᠤᠷᠢᠯᠡᠯ ᠤᠨ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/13
      ᠣᠶᠢᠷ᠎ᠠ ᠳᠤ᠂ ᠵᠢᠷᠦᠬᠡ ᠪᠠᠯᠭᠠᠰᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠪᠠ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠥᠷᠲᠡᠭᠡ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭᠠᠨ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠴᠦ ᠠᠶᠤᠯᠭᠦᠶ ᠤᠶᠢᠯᠡᠳᠪᠤᠷᠢᠯᠡᠯ ᠤᠨ ᠪᠠᠶᠢᠴᠠᠭᠠᠯᠲᠠ ᠵᠢᠴᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠬᠤᠭᠤᠯᠠᠨ ᠬᠡᠷ ᠵᠡᠷᠭᠡ ᠲᠠᠯᠠᠪᠤᠷ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠤᠨ ᠠᠰᠠᠭᠤᠳᠠᠯ ᠳᠤ ᠨᠠᠷᠢᠨ ᠲᠠᠩᠰᠠ ᠭᠠᠷᠭᠠᠵᠤ᠂ ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠢ ᠠᠯᠪᠠᠳᠠᠨ ᠬᠤᠭᠤᠴᠠᠭ᠎ᠠ ᠲᠤᠭᠳᠠᠭᠠᠵᠦ ᠴᠡᠭᠴᠡᠯᠡᠨ ᠰᠠᠶᠢᠵᠢᠷᠠᠭᠤᠯᠵᠤ᠂ ᠬᠠᠷᠢᠶᠠᠲᠤ ᠣᠷᠣᠨ ᠤ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ 2024 ᠣᠨ ᠤ ︽ᠨᠠᠢᠮᠠᠨ ᠰᠠᠷ᠎ᠠ ᠶᠢᠨ ᠲᠡᠷᠭᠡᠯ ᠪᠠᠶᠠᠷ︾᠂ ︽ᠤᠯᠤᠰ ᠤᠨ ᠪᠠᠶᠠᠷ ︾ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃      
微信图片_20240913111144.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号