| ᠲᠣᠰᠬᠤᠨ ᠤ ᠠᠷᠠᠳ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ᠂ ᠲᠡᠷᠭᠡ ᠬᠥᠰᠬᠡ ᠶᠢᠨ ᠬᠡᠪ ᠤᠨ | ᠪᠠᠶᠢᠳᠠᠯ ᠢᠶᠠᠷ ᠨᠡᠪᠲᠡᠷᠡᠬᠦ ᠶᠢ ᠪᠠᠲᠤᠯᠠᠨ᠂ ᠭᠠᠴᠠᠭᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠣᠶᠢᠷ᠎ᠠ ᠳᠤ᠂ ᠠᠷᠤ ᠬᠥᠨᠳᠡᠯᠡᠨ ᠪᠠᠯᠭᠠᠰᠤᠨ ᠤ ᠪᠠᠯᠭᠠᠰᠤ ᠶᠢᠨ ᠰᠠᠷᠠᠭᠤᠯ ᠭᠠᠴᠠᠭᠠᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠢᠨ ᠰᠠᠶᠢᠨ ᠳᠣᠷᠠᠴᠣᠳ ᠢ ᠵᠣᠬᠢᠶᠠᠨ ᠪᠠᠶᠢᠭᠤᠯᠵᠤ ︽ᠵᠠᠮ | ᠵᠠᠰᠠᠵᠤ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠡᠬᠢᠯᠡᠭᠦᠯᠦᠶ᠎ᠡ︾ ᠭᠡᠬᠦ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠠᠷᠢᠯᠭ᠎ᠠ ᠶᠢᠨ ᠠᠵᠢᠯᠲᠠᠨ ᠪᠠᠷᠢᠯᠭ᠎ᠠ | ᠠᠴᠠ ᠲᠡᠷᠭᠡ ᠵᠢᠯᠣᠭᠤᠳᠤᠨ ᠬᠦᠨᠳᠦ ᠨᠣᠴᠢᠲᠠᠶ ᠡᠪᠳᠡᠭᠳᠡᠭᠰᠡᠨ ᠵᠠᠮ ᠤᠨ ᠬᠡᠰᠡᠭ ᠢ ᠠᠭᠤᠳᠠᠯᠤᠨ ᠲᠡᠭᠰᠢᠯᠡᠬᠦ ᠶᠢᠨ | ᠬᠠᠮᠲᠤ ᠨᠥᠬᠦᠵᠦ ᠪᠦᠭᠯᠡᠵᠦ ᠳᠠᠭᠤᠰᠤᠭᠰᠠᠨ ᠤ ᠳᠠᠷᠠᠭᠠᠬᠢ ᠵᠠᠮ ᠢ ᠳᠠᠷᠤᠵᠤ ᠲᠡᠭᠰᠢᠯᠡᠪᠡ᠃ ᠣᠯᠠᠨ ᠢᠶᠠᠷ ᠢᠶᠠᠨ | ᠠᠵᠢᠯ ᠤᠨ ᠬᠤᠪᠢᠶᠠᠷᠢᠯᠠᠯ ᠲᠣᠳᠣᠷᠬᠠᠶ᠂ ᠬᠠᠷᠢᠯᠴᠠᠨ ᠬᠠᠮᠵᠢᠯᠴᠠᠵᠤ᠂ ᠪᠠᠷᠢᠯᠭ᠎ᠠ ᠶᠢᠨ ᠠᠬᠤᠢ ᠲᠠᠯᠠᠪᠠᠢ ᠶᠢᠨ ᠡᠯ᠎ᠡ | ᠵᠦᠢᠯ ᠤᠨ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠵᠤ᠂ ᠪᠥᠬᠦ ᠭᠠᠴᠠᠭᠠᠨ ᠤ ᠮᠠᠯᠴᠢᠨ ᠲᠠᠷᠢᠶᠠᠴᠢᠨ ᠤ ᠵᠠᠮ | ᠨᠡᠪᠲᠡᠷᠡᠯᠭᠡ ᠪᠠ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠪᠠ᠃ | |