| ᠦᠨᠳᠦᠰᠦᠨ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠥᠷᠲᠡᠭᠡ | ︶ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠠᠵᠢᠯ ᠢ ᠪᠣᠳᠠᠲᠠᠶ ᠨᠠᠷᠢᠯᠢᠭ ᠬᠢᠬᠦ ᠶᠢᠨ | ᠲᠥᠯᠥᠭᠡ᠂ ︽︿ᠡᠯ᠎ᠡ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ | ᠥᠷᠲᠡᠭᠡ︶ ᠤᠨ ᠦᠢᠯᠡᠴᠢᠯᠡᠭᠡᠨ ᠤ ᠨᠠᠷᠢᠨ ᠲᠠᠩᠰᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠴᠡᠷᠢᠭ ᠤᠨ | ᠠᠯᠪᠠᠨ ᠠᠴᠠ ᠪᠠᠭᠤᠭᠰᠠᠳ ᠤᠨ ᠠᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ | ᠦᠨᠳᠦᠰᠦᠯᠡᠨ᠂ 9 ᠰᠠᠷ᠎ᠠ ᠶᠢᠨ 4-11 ᠤ ᠡᠳᠦᠷ᠂ ᠵᠠᠷᠤᠳ ᠬᠤᠰᠢᠭᠤᠨ ᠤ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠤᠨ ᠲᠣᠪᠴᠢᠶ᠎ᠠ ᠬᠢᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠪᠥᠬᠦ ᠬᠤᠰᠢᠭᠤᠨ ᠤ 43 | ᠦᠨᠳᠦᠰᠦᠨ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠲᠤ | ᠭᠦᠨᠵᠡᠭᠡᠶᠢᠷᠡᠵᠦ᠂ ᠡᠯ᠎ᠡ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ | ᠥᠷᠲᠡᠭᠡ︶ ᠤᠨ ᠦᠢᠯᠡᠴᠢᠯᠡᠭᠡᠨ ᠤ ᠨᠠᠷᠢᠨ ᠲᠠᠩᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ︽ᠲᠠᠪᠤ ᠶᠢ | ᠪᠦᠷᠢᠳᠦᠭᠦᠯᠬᠦ︾ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ | ᠠᠵᠢᠯᠯᠠᠬᠤ ᠳᠤᠭᠤᠶᠢᠯᠠᠩ ᠤᠨ ᠬᠢᠨ ᠠᠬᠤᠢ ᠲᠠᠯᠠᠪᠠᠢ ᠳᠤ ᠦᠢᠯᠡᠴᠢᠯᠡᠭᠡᠨ ᠤ ᠨᠠᠷᠢᠨ ᠳᠠᠩᠰᠠ ᠶᠢᠨ | ᠬᠠᠷᠠᠭᠠᠯᠵᠠᠭᠰᠠᠨ ᠡᠬᠡ ᠲᠠᠩᠰᠠ ᠶᠢ ᠪᠠᠶᠢᠴᠠᠭᠠᠨ ᠦᠵᠡᠵᠦ᠂ ᠰᠠᠭᠤᠳᠠᠯ ᠤᠨ ᠬᠤᠷᠠᠯ ᠢᠶᠠᠷ ᠳᠠᠮᠵᠢᠨ ᠡᠳᠦᠷ | ᠳᠤᠳᠤᠮ ᠤᠨ ᠠᠵᠢᠯ᠂ ︽ᠲᠠᠪᠤ ᠶᠢ ᠪᠦᠷᠢᠳᠦᠭᠦᠯᠬᠦ︾ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ | ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ᠂ ᠠᠵᠢᠯ | ᠣᠯᠵᠤ ᠦᠢᠯᠡᠰ ᠪᠤᠰᠬᠠᠬᠤ᠂ ᠬᠠᠷᠠᠭᠠᠯᠵᠠᠯ ᠦᠵᠡᠭᠦᠯᠬᠦ᠂ ᠡᠷᠬᠢᠨ ᠦᠵᠡᠵᠦ ᠲᠣᠬᠤᠨᠢᠭᠤᠯᠬᠤ᠂ ᠡᠷᠬᠡ ᠠᠰᠢᠭ ᠤᠨ | ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠢᠢᠷ᠎ᠠ ᠶᠢᠨ ᠲᠠᠪᠤᠨ ᠵᠢᠯ ᠤᠨ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠣᠯᠵᠤ ᠦᠢᠯᠡᠰ ᠪᠤᠰᠬᠠᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠬᠦᠰᠡᠯ ᠡᠷᠡᠮᠡᠯᠵᠡᠯ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃ | ᠠᠵᠢᠯᠯᠠᠬᠤ ᠳᠤᠭᠤᠶᠢᠯᠠᠩ ᠬᠢᠨ ᠠᠴᠠ᠂ ᠦᠨᠳᠦᠰᠦᠨ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠲᠥᠪ ︵ᠥᠷᠲᠡᠭᠡ︶ ᠬᠢᠨ ᠦᠢᠯᠡᠴᠢᠯᠡᠭᠡᠨ ᠤ ᠨᠠᠷᠢᠨ ᠲᠠᠩᠰᠠ ᠶᠢᠨ ᠠᠭᠤᠯᠭ᠎ᠠ ᠳᠤ ᠪᠣᠳᠠᠲᠠᠶ | ᠪᠠᠶᠢᠳᠠᠯ ᠢᠶᠠᠨ ᠦᠨᠳᠦᠰᠦᠯᠡᠨ ᠦᠢᠯᠡᠴᠢᠯᠡᠭᠡᠨ ᠤ ᠵᠦᠢᠯᠡᠰ ᠢᠶᠠᠨ ᠨᠡᠮᠡᠭᠳᠡᠭᠦᠯᠵᠦ᠂ ᠠᠵᠢᠯ ᠤᠨ ᠦᠷ᠎ᠡ ᠪᠦᠲᠦᠮᠵᠢ | ᠤᠯᠬᠤ ᠶᠢ ᠠᠬᠢᠭᠤᠯᠵᠤ᠂ ︽ᠲᠠᠪᠤ ᠶᠢ ᠪᠦᠷᠢᠳᠦᠭᠦᠯᠬᠦ︾ ᠪᠣᠯ ᠪᠠᠶᠢᠭᠤᠯᠤᠮᠵᠢ ᠶᠢᠨ ᠠᠵᠢᠯᠯᠠᠭᠠᠨ ᠤ ᠰᠠᠭᠤᠷᠢ ᠮᠥᠨ᠂ | ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠴᠡᠷᠢᠭ ᠤᠨ | ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠡᠴᠦᠰ ᠤᠨ ︽ᠨᠢᠭᠡ ᠺᠢᠯᠤᠮᠧᠲᠷ︾ ᠢ ᠰᠠᠶᠢᠲᠤᠷ | ᠰᠢᠢᠳᠪᠦᠷᠢᠯᠡᠬᠦ ᠬᠡᠷᠡᠭᠲᠡᠶ︔ ᠠᠵᠢᠯᠲᠠᠳ ᠤᠨ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠴᠢᠳᠠᠪᠤᠷᠢ | ᠪᠣᠯᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠦᠴᠢᠷᠳᠡᠯ ᠢ | ᠪᠠᠶᠢᠴᠠᠭᠠᠨ ᠰᠢᠢᠳᠪᠦᠷᠢᠯᠡᠬᠦ᠂ ᠡᠷᠬᠢᠨ ᠦᠵᠡᠵᠦ ᠲᠣᠬᠤᠨᠢᠭᠤᠯᠬᠤ ᠪᠠ ᠬᠠᠪᠰᠤᠷᠤᠨ ᠲᠡᠳᠬᠦᠵᠦ ᠬᠦᠴᠢᠷᠳᠡᠯ ᠢ ᠨᠢ | ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ ᠥᠭᠬᠦ ᠬᠡᠷᠡᠭᠲᠡᠢ︔ ᠴᠡᠷᠢᠭ ᠤᠨ ᠠᠯᠪᠠᠨ ᠠᠴᠠ | ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠴᠢᠩᠭ᠎ᠠ | ᠬᠠᠷᠭᠤᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ | ᠴᠢᠨᠠᠷᠲᠠᠢ ᠠᠵᠢᠯ ᠢ ︽ᠠᠮᠢᠳᠤᠯᠢᠭ︾᠂ ᠦᠷᠭᠡᠳᠭᠡᠭᠰᠡᠨ ᠴᠢᠨᠠᠷᠲᠠᠢ ᠠᠵᠢᠯ ᠢ ︽ᠭᠦᠨᠵᠡᠭᠡᠢ︾᠂ ᠬᠠᠪᠰᠣᠷᠬᠤ | ᠴᠢᠳᠠᠮᠵᠢ ᠶᠢᠨ ᠠᠵᠢᠯ ᠢ ︽ᠪᠣᠳᠠᠲᠠᠢ︾ ᠬᠢᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠴᠡᠷᠢᠭ ᠤᠨ | ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ | |