ᠵᠠᠷᠤᠳ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠩᠭᠢ ︵ᠨᠢᠭᠡᠳᠦᠭᠡᠷ ᠬᠤᠭᠤᠴᠠᠭ᠎ᠠ︶ ᠵᠢᠴᠢ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/20
   9 ᠰᠠᠷ᠎ᠠ ᠶᠢᠨ 18 ᠤ ᠡᠳᠦᠷ᠂ ᠵᠠᠷᠤᠳ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠩᠭᠢ ︵ᠨᠢᠭᠡᠳᠦᠭᠡᠷ ᠬᠤᠭᠤᠴᠠᠭ᠎ᠠ︶ ᠵᠢᠴᠢ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠤᠷᠤᠯᠭ᠎ᠠ ᠡᠬᠢᠯᠡᠬᠦ ᠶᠣᠰᠣᠯᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠡᠷᠭᠢᠯᠡᠪᠡ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠲᠣᠪᠴᠢᠶ᠎ᠠ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠨᠠᠮ ︵ᠠᠵᠢᠯ︶ ᠤᠨ ᠬᠤᠷᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠠᠯᠠᠭᠠᠨ ᠲᠡᠰ ᠤᠨ ᠺᠠᠳ᠋ᠷ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃  
微信图片_20240919154342.jpg
    ᠬᠤᠷᠠᠯ ᠳᠡᠭᠡᠷ᠎ᠡ᠂ ᠱᠤᠤ ᠶᠠᠨ ᠵᠢᠶᠦ᠋ᠨ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠵᠠᠷᠤᠳ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠵᠡᠷᠭᠡ ᠭᠤᠷᠪᠠᠨ ᠲᠠᠯ᠎ᠠ ᠠᠴᠠ ᠭᠤᠣᠯᠳᠠᠭᠤᠯᠵᠤ᠂ ᠰᠤᠷᠤᠯᠴᠠᠭᠴᠢ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠦᠷᠭᠦᠯᠵᠢᠯᠡᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠰᠡᠳᠬᠢᠴᠡ ᠪᠣᠯᠤᠨ ᠠᠷᠭ᠎ᠠ ᠶᠢ ᠨᠠᠷᠢᠨ ᠬᠢᠨᠠᠮᠠᠭᠠᠢ ᠰᠤᠳᠤᠯᠤᠨ ᠪᠣᠳᠣᠯᠬᠢᠯᠠᠵᠤ᠂ ᠣᠳᠣᠬᠢᠴᠢᠯᠠᠭᠰᠠᠨ ᠵᠠᠷᠤᠳ ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠦᠢᠯᠡᠳᠦᠯᠭᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠳᠠᠢ ᠭᠡᠪᠡ᠃    ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠣᠳᠣᠬᠢᠴᠢᠯᠠᠭᠰᠠᠨ ᠵᠠᠷᠤᠳ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠪᠣᠯᠤᠨ᠎ᠠ᠂ ᠬᠤᠰᠢᠭᠤ ᠲᠠᠶᠠᠭᠠᠷ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠡᠷᠴᠢᠮ ᠢᠶᠠᠷ ᠬᠥᠭᠵᠢᠯᠲᠡ ᠶᠢᠨ ᠠᠯᠬᠤᠴᠠ ᠪᠠᠨ ᠲᠠᠰᠤᠷᠠᠯᠲᠠ ᠦᠭᠡᠢ ᠲᠦᠷᠭᠡᠳᠬᠡᠵᠦ᠂ ᠥᠭᠡᠷᠡᠴᠢᠯᠡᠯᠲᠡ ᠶᠢᠨ ᠡᠷᠴᠢᠮ ᠢᠶᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠥᠭᠡᠷᠡᠴᠢᠯᠡᠯᠲᠡ ᠶᠢᠨ ᠡᠷᠴᠢᠮ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠳᠡᠭᠡᠭᠰᠢᠯᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠠᠷ ᠢᠶᠠᠨ ᠪᠦᠬᠦ ᠬᠤᠰᠢᠭᠤᠨ ᠤ ᠬᠦᠴᠢᠷᠳᠡᠯᠲᠡᠢ ᠪᠠᠶᠢᠳᠠᠯ ᠢ ᠲᠦᠷᠭᠡᠨ ᠳᠠᠪᠠᠭ᠋ᠤ ᠶᠢ ᠠᠬᠢᠭᠤᠯᠬᠤ ᠬᠡᠷᠡᠭᠲᠡᠢ ᠭᠡᠪᠡ᠃     
微信图片_20240919154337.jpg
    ᠱᠤᠤ ᠶᠠᠨ ᠵᠢᠶᠦ᠋ᠨ ᠠᠴᠠ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠨᠡ ᠬᠦ ᠵᠠᠩᠭᠢᠯᠠᠭ᠎ᠠ ᠶᠢ ᠪᠠᠲᠤ ᠠᠳᠬᠤᠵᠤ᠂ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠪᠠᠷ ᠪᠦᠬᠦ ᠲᠠᠯ᠎ᠠ ᠶᠢ ᠳᠠᠶᠢᠴᠢᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠣᠭᠲᠠᠴᠠ ᠶᠢ ᠪᠦᠷᠢᠨᠰᠢᠬᠦᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠬᠦᠷᠢᠶᠡᠨ ᠳᠠᠬᠢ ᠤᠶᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠭᠠᠳᠠᠭᠰᠢ ᠤᠯᠠᠮᠵᠢᠯᠠᠬᠤ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠭᠠᠵᠠᠷ ᠣᠷᠣᠨ ᠤ ᠰᠣᠶᠣᠯ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠦᠨᠵᠡᠭᠡᠶ ᠰᠤᠳᠤᠯᠵᠤ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠲᠡᠮᠳᠡᠭ ᠳᠦᠷᠢ ᠲᠥᠷᠬᠦ ᠪᠠ ᠤᠬᠠᠭᠤᠯᠭ᠎ᠠ ᠶᠢᠨ ᠨᠠᠷᠠᠲᠤ ᠲᠡᠮᠳᠡᠭ ᠢ ᠭᠦᠨᠵᠡᠭᠡᠶ ᠰᠤᠳᠤᠯᠵᠤ᠂ ᠲᠥᠯᠥᠪᠵᠢᠭᠦᠯᠦᠨ ᠲᠥᠯᠥᠪᠯᠡᠵᠦ᠂ ᠤᠮᠠᠷᠠᠲᠤ ᠬᠢᠯᠢ ᠶᠢᠨ ᠰᠣᠶᠣᠯ ᠢ ᠪᠣᠶ ᠪᠣᠯᠭᠠᠬᠤ᠂ ᠪᠠᠷᠠᠭᠤᠨ ᠯᠢᠶᠣᠤ ᠾᠧ ᠭᠤᠤᠯ ᠤᠨ ᠪᠣᠯᠪᠠᠰᠤᠨ ᠤ ᠠᠭᠤᠯᠤᠭᠳᠠᠬᠤᠨ ᠢ ᠲᠠᠶᠢᠯᠪᠤᠷᠢᠯᠠᠬᠤ ᠵᠡᠷᠭᠡ ᠠᠵᠢᠯ ᠲᠠᠢ ᠤᠶᠠᠯᠳᠤᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠨᠠᠷᠠᠲᠤ ᠰᠢᠯᠢᠳᠡᠭ ᠤᠶᠢᠯᠡᠳᠭᠦᠨ ᠢ ᠲᠠᠨᠢᠯᠴᠠᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠲᠠᠢ ᠤᠶᠠᠯᠳᠤᠭᠤᠯᠵᠤ᠂ ᠵᠠᠷᠤᠳ ᠤᠨ ᠥᠯᠢᠭᠡᠷ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠰᠠᠶᠢᠲᠤᠷ ᠶᠠᠷᠢᠵᠤ᠂ ᠵᠠᠷᠤᠳ ᠤᠨ ᠲᠠᠭᠤᠨ ᠢ ᠳᠠᠮᠵᠢᠭᠤᠯᠵᠤ᠂ ᠵᠠᠷᠤᠳ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠪᠠᠷᠢᠮᠲᠠᠯᠠᠵᠤ᠂ ᠨᠢᠯᠬ᠎ᠠ ᠬᠡᠤᠬᠡᠳ ᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠲᠡᠬᠦ ᠠᠰᠠᠷᠠᠮᠵᠢ ᠲᠠᠢ ᠪᠠᠶᠢᠬᠤ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠡᠩᠬᠡ ᠲᠠᠶᠢᠪᠤᠩ ᠪᠤᠳᠤᠯ ᠪᠣᠯᠤᠨ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠴᠢᠩᠭᠠᠳᠬᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠥᠴᠦᠬᠡᠨ ᠴᠦ ᠭᠤᠶᠢᠪᠢᠰᠢ ᠥᠬᠡᠶ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠂ ᠬᠠᠷᠢᠭᠤᠴᠠᠯᠭ᠎ᠠ ᠶᠢ ᠳᠠᠮᠵᠢᠭᠤᠯᠬᠤ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠦᠨᠳᠦᠰᠦᠨ ᠱᠠᠲᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     
微信图片_20240919154305.jpg
     ᠱᠤᠤ ᠶᠠᠨ ᠵᠢᠶᠦ᠋ᠨ ᠠᠴᠠ᠂ ᠤᠨᠤᠯ ᠤᠨ ᠰᠤᠷᠤᠯᠴᠠᠯᠭ᠎ᠠ ᠪᠠᠷ ᠴᠢᠭᠯᠡᠯ ᠢᠶᠠᠨ ᠵᠥᠪ ᠪᠣᠯᠭᠠᠬᠤ ᠶᠢ ᠪᠠᠷᠢᠮᠲᠠᠯᠠᠵᠤ᠂ ᠨᠡᠪᠳᠡᠷᠡᠳᠡᠯ᠎ᠡ ᠤᠶᠢᠯᠭᠠᠬᠤ ᠳᠤ ᠰᠤᠷᠤᠯᠴᠠᠯᠭ᠎ᠠ ᠶᠢ  ᠠᠳᠬᠤᠬᠤ᠂ ᠲᠤᠰᠬᠠᠢ ᠮᠡᠷᠭᠡᠵᠢᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠯᠭ᠎ᠠ ᠶᠢ ᠠᠳᠬᠤᠬᠤ᠂ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠨ ᠰᠤᠷᠤᠯᠴᠠᠯᠭ᠎ᠠ ᠶᠢ ᠠᠳᠬᠤᠬᠤ ᠶᠢ ᠦᠨᠡᠨ ᠬᠦ ᠪᠡᠶᠡᠯᠡᠭᠦᠯᠵᠦ᠂ ᠦᠵᠡᠯ ᠰᠠᠨᠠᠭ᠎ᠠ ᠪᠠᠨ ᠴᠢᠯᠤᠭᠡᠯᠡᠵᠦ ᠵᠠᠮ ᠨᠡᠭᠡᠭᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠡᠮ ᠰᠣᠭᠤᠭ ᠵᠥᠷᠢᠴᠡᠯ ᠢ ᠲᠣᠳᠣᠷᠬᠠᠶᠢᠯᠠᠵᠤ᠂ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠵᠢᠷᠤᠭᠯᠠᠭᠰᠠᠨ ︽ᠲᠥᠯᠥᠪᠵᠢᠭᠦᠯᠭᠡ ᠶᠢᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ︽ᠪᠠᠷᠢᠯᠭ᠎ᠠ ᠶᠢᠨ ᠵᠢᠷᠤᠭ︾ ᠢ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠬᠡᠷᠡᠭᠲᠡᠶ︔ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ︽  ᠲᠦᠷᠤᠭᠦᠤ ᠤᠳᠤᠷᠢᠳᠤᠯᠭ᠎ᠠ︾ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦᠭᠦᠯᠡᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠥᠭᠡᠷᠡᠴᠢᠯᠡᠯᠲᠡ ᠶᠢ ᠭᠦᠢᠴᠡᠳ ᠣᠶᠢᠯᠠᠭᠠᠬᠤ᠂ ᠥᠭᠡᠷᠡᠴᠢᠯᠡᠯᠲᠡ ᠶᠢ ᠢᠳᠡᠪᠬᠢᠲᠡᠢ ᠮᠡᠳᠡᠷᠡᠬᠦ᠂ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠬᠤ᠂ ᠥᠭᠡᠷᠡᠴᠢᠯᠡᠯᠲᠡ ᠶᠢ ᠰᠠᠨᠠᠭᠠᠴᠢᠯᠠᠭ᠎ᠠ ᠠᠴᠠ ᠪᠠᠨ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ︔ ᠬᠢᠯᠠᠰ ᠴᠡᠭ ᠨᠡᠶᠢᠲᠡᠯᠢᠭ ᠵᠢᠱᠢᠶ᠎ᠡ ᠶᠢ ᠦᠷᠭᠦᠯᠵᠢᠯᠡᠨ ᠪᠤᠢ ᠪᠣᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠬᠢᠯᠠᠰ ᠴᠡᠭ ᠢ ᠭᠦᠨᠵᠡᠭᠡᠢ ᠠᠭᠤᠳᠠᠯᠤᠨ ᠪᠣᠯᠪᠠᠰᠤᠷᠠᠭᠤᠯᠵᠤ᠂ ᠲᠤᠷᠰᠢᠯᠭ᠎ᠠ ᠠᠷᠭ᠎ᠠ ᠬᠢᠳᠡᠯ ᠢ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ᠂ ᠨᠡᠩ ᠤᠯᠠᠨ ᠪᠦᠬᠦ ᠬᠤᠳᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠠᠯᠳᠠᠷᠰᠢᠵᠤ᠂ ᠲᠣᠭᠲᠠᠵᠤ ᠴᠢᠳᠠᠬᠤᠶᠢᠴᠠ ᠥᠭᠡᠷᠡᠴᠢᠯᠡᠯᠲᠡ ᠶᠢᠨ ᠲᠦᠷᠦᠯ ᠲᠡᠮᠳᠡᠭ ᠢ ᠴᠢᠷᠮᠠᠶᠢᠨ ᠡᠭᠦᠳᠬᠦ ᠬᠡᠷᠡᠭᠲᠡᠢ ᠬᠡᠵᠦ ᠴᠢᠬᠤᠯᠠᠴᠢᠯᠠᠪᠠ᠃    ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ 5 ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ ᠬᠤᠭᠤᠴᠠᠭ᠎ᠠ ᠪᠦᠷᠢ ᠨᠢ 3 ᠡᠳᠦᠷ ᠰᠤᠷᠤᠯᠴᠠᠬᠤ ᠪᠠᠷ ᠲᠤᠭᠳᠠᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号