︽ᠵᠠᠷᠤᠳ ᠬᠤᠰᠢᠭᠤᠨ ᠤ ᠬᠦᠨᠳᠦ ᠪᠣᠬᠢᠷᠲᠤᠯᠳᠤ ᠴᠠᠭ ᠠᠭᠤᠷ ᠢ ᠪᠠᠴᠢᠮ ᠠᠷᠭᠠᠴᠠᠭᠠᠬᠤ ᠲᠥᠰᠦᠯ︾ ︵ᠨᠢᠭᠡ︶
ᠨᠡᠶᠢᠲᠡᠯᠡᠭᠰᠡᠨ ᠴᠠᠭ᠄
2024/9/21
    1 ᠶᠡᠷᠦᠩᠬᠡᠶ ᠳᠦᠷᠢᠮ    1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ    ᠪᠥᠬᠦ ᠬᠤᠰᠢᠭᠤᠨ ᠤ ᠬᠦᠨᠳᠦ ᠪᠣᠬᠢᠷᠲᠤᠯᠳᠤ ᠴᠠᠭ ᠠᠭᠤᠷ ᠢ ᠪᠠᠴᠢᠮ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠢᠴᠢ ᠣᠷᠴᠢᠨ ᠲᠣᠭᠤᠷᠢᠨ ᠤ ᠬᠠᠮᠢᠶᠠᠷᠤᠯᠲᠠ ᠪᠠᠨ ᠨᠠᠷᠢᠯᠢᠬᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠦᠨᠳᠦ ᠪᠣᠬᠢᠷᠲᠤᠯᠳᠤ ᠴᠠᠭ ᠠᠭᠤᠷ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠭᠠᠵᠤ᠂ ᠬᠦᠨᠳᠦ ᠪᠣᠬᠢᠷᠲᠤᠯᠳᠤ ᠴᠠᠭ ᠠᠭᠤᠷ ᠤᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠨᠡᠶᠢᠭᠡᠮ ᠤᠨ ᠲᠣᠭᠲᠠᠭᠤᠨ ᠢ ᠪᠠᠲᠤᠯᠠᠬᠤ ᠶᠢᠨ ᠲᠣᠰᠠᠲᠠ᠂ ᠲᠣᠰ ᠲᠥᠰᠦᠯ ᠢ ᠲᠣᠭᠲᠠᠭᠠᠪᠠ᠃    1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ    ︵1︶ ︽ᠠᠭᠠᠷ ᠮᠠᠨᠳᠠᠯ ᠢ ᠪᠣᠬᠢᠷᠳᠣᠭᠤᠯᠬᠤ ᠪᠣᠳᠠᠰ ᠢ ᠶᠡᠷᠦᠩᠬᠡᠶᠢᠯᠡᠨ ᠭᠠᠳᠠᠭᠰᠢᠯᠠᠭᠤᠯᠬᠤ ᠪᠠᠷᠢᠮᠵᠢᠶ᠎ᠠ︾ ︵GB16297 - 1996︶︔    ︵2︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︵ᠲᠡᠷᠢᠭᠦᠯᠡᠭᠴᠢ ᠶᠢᠨ ᠵᠠᠷᠯᠢᠭ 2007 ᠣᠨ ᠤ 69 ᠳ᠋ᠣᠭᠡᠷ ᠲᠣᠭᠠᠲᠤ︶︔    ︵3︶ ︽ᠤᠯᠤᠰ ᠤᠨ ᠣᠷᠴᠢᠨ ᠠᠬᠤᠶ ᠶᠢᠨ ᠠᠭᠠᠷ ᠮᠠᠨᠳᠠᠯ ᠤᠨ ᠴᠢᠨᠠᠷ ᠤᠨ ᠢᠯᠡᠳᠬᠡᠭᠴᠢ ︵AQI︶ ᠶᠢᠨ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633-2012︶︔    ︵4︶ ︽ᠣᠷᠴᠢᠨ ᠠᠬᠤᠶ ᠶᠢᠨ ᠠᠭᠠᠷ ᠮᠠᠨᠳᠠᠯ ᠤᠨ ᠴᠢᠨᠠᠷ ᠤᠨ ᠪᠠᠷᠢᠮᠵᠢᠶ᠎ᠠ︾ ︵GB3095-2012︶︔    ︵5︶ ︽ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠲᠦᠷᠦ ᠠᠯᠪᠠᠨ ᠲᠠᠷᠬᠠᠭᠠᠭᠰᠠᠨ ﹇2013﹈ 101 ᠳ᠋ᠤᠭᠡᠷ ᠲᠣᠭᠠᠲᠤ︶︔    ︵6︶ ︽ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠠᠷᠭ᠎ᠠ︾ ︵ᠣᠷᠴᠢᠨ ᠠᠬᠤᠶ ᠶᠢᠨ ᠬᠠᠮᠠᠭᠠᠯᠠᠯᠲᠠ ᠶᠢᠨ ᠶᠠᠮᠤᠨ ᠤ ᠵᠠᠷᠯᠢᠭ 17 ᠳ᠋ᠤᠭᠠᠷ︶︔    ︵7︶ ︽ᠬᠤᠳᠠ ᠶᠢᠨ ᠠᠭᠠᠷ ᠮᠠᠨᠳᠠᠯ ᠤᠨ ᠬᠦᠨᠳᠦ ᠪᠣᠬᠢᠷᠲᠤᠯ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠣᠷᠴᠢᠨ ᠲᠣᠭᠤᠷᠢᠨ ᠠᠯᠪᠠᠨ ᠭᠡᠷ ᠤᠨ ᠵᠠᠬᠢᠳᠠᠯ ﹇2013﹈ 504 ᠳ᠋ᠤᠭᠡᠷ ᠲᠣᠭᠠᠲᠤ︶︔    ︵8︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢ ᠬᠠᠮᠠᠭᠠᠯᠠᠬᠤ ᠬᠠᠤᠯᠢ︾ ︵ᠲᠡᠷᠢᠭᠦᠯᠡᠭᠴᠢ ᠶᠢᠨ ᠵᠠᠷᠯᠢᠭ 2014 ᠣᠨ ᠤ 9 ᠳ᠋ᠤᠭᠡᠷ ᠲᠣᠭᠠᠲᠤ︶︔    ︵9︶ ︽ᠠᠵᠤ ᠠᠬᠤᠶᠢᠯᠠᠯ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠦᠨᠡᠯᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠣᠷᠴᠢᠨ ᠲᠣᠭᠤᠷᠢᠨ ᠠᠯᠪᠠᠨ  ﹇ 2014﹈ 34 ᠳ᠋ᠤᠭᠡᠷ ᠲᠣᠭᠠᠲᠤ︶︔    ︵10︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︵2018 ᠣᠨ ᠳᠤ ᠵᠠᠰᠠᠪᠤᠷᠢ ᠣᠷᠣᠭᠤᠯᠪᠠ︶︔    ︵11︶ ︽ᠬᠦᠨᠳᠦ ᠪᠣᠬᠢᠷᠳᠣᠯᠲᠦ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠣᠷᠴᠢᠨ ᠲᠣᠭᠤᠷᠢᠨ ᠠᠭᠠᠷ ᠮᠠᠨᠳᠠᠯ ﹇2024﹈ 6 ᠳ᠋ᠤᠭᠠᠷ ᠲᠣᠭᠠᠲᠤ︶︔    ︵12︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ︵2018︶ 12 ᠳ᠋ᠤᠭᠠᠷ ᠲᠣᠭᠠᠲᠤ︶︔    ︵13︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠶᠡᠷᠦᠩᠬᠡᠶ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ︹ 2021 ︺ 11 ᠳ᠋ᠤᠭᠡᠷ ᠲᠣᠭᠠᠲᠤ︶︔    ︵14︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠲᠥᠰᠦᠯ ︵2022 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 90 ᠳ᠋ᠤᠭᠡᠷ ᠲᠣᠭᠠᠲᠤ︶︔    ︵15︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠲᠥᠰᠦᠯ ︵2024 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ︹ 2024 ︺ 17 ᠳ᠋ᠤᠭᠠᠷ ᠲᠣᠭᠠᠲᠤ︶︔    ︵16︶ ︽ᠲᠦᠩᠯᠢᠶᠣᠤ ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︵ᠲᠦᠩᠯᠢᠶᠣᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ ﹇2021﹈ 7 ᠳ᠋ᠤᠭᠠᠷ︶︔    ︵17︶ ︽ᠲᠦᠩᠯᠢᠶᠣᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠲᠥᠰᠦᠯ︾ ︵ᠲᠦᠩᠯᠢᠶᠦᠦ ᠵᠠᠰᠠᠭ ᠠᠯᠪᠠᠨ ᠲᠠᠷᠬᠠᠭᠠᠭᠰᠠᠨ ︹ 2024 ︺ 26 ᠳ᠋ᠤᠭᠠᠷ ᠲᠣᠭᠠᠲᠤ︶᠃    1.3 ᠲᠣᠬᠢᠷᠠᠬᠤ ᠬᠡᠪᠴᠢᠶ᠎ᠡ    ᠲᠣᠰ ᠪᠡᠯᠡᠳᠬᠡᠯ ᠲᠥᠰᠦᠯ ᠨᠢ ᠵᠠᠷᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ ᠡᠭᠦᠰᠦᠭᠰᠡᠨ ᠬᠦᠨᠳᠦ ᠪᠣᠬᠢᠷᠳᠣᠯᠲᠦ ᠴᠠᠭ ᠠᠭᠤᠷ ᠤᠨ ᠪᠠᠶᠢᠳᠠᠯ ᠢ ᠣᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠠᠷᠭᠠᠴᠠᠭᠠᠬᠤ ᠳᠤ ᠳᠣᠭᠢᠷᠠᠨ᠎ᠠ᠃ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ᠬᠦᠨᠳᠦ ᠪᠣᠬᠢᠷᠳᠣᠯᠲᠦ ᠴᠠᠭ ᠠᠭᠤᠷ ᠭᠡᠳᠡᠭ ᠨᠢ ︽ᠣᠷᠴᠢᠨ ᠠᠬᠤᠶ ᠶᠢᠨ ᠠᠭᠠᠷ ᠮᠠᠨᠳᠠᠯ ᠤᠨ ᠴᠢᠨᠠᠷ ᠤᠨ ᠢᠯᠡᠳᠬᠡᠭᠴᠢ ︵AQI︶ ᠶᠢᠨ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633-2012︶ ᠢ ᠦᠨᠳᠦᠰᠦᠯᠡᠨ᠂ ᠵᠢᠱᠢᠯᠲᠡ ᠪᠠᠷ ᠡᠳᠦᠷ ᠲᠤ AQI ᠨᠢ 200 ᠠᠴᠠ ᠶᠡᠭᠡ ᠪᠤᠶᠤ ᠡᠳᠦᠷ ᠲᠤ AQI ᠨᠢ 150 ᠠᠴᠠ ᠶᠡᠭᠡ ᠪᠦᠬᠡᠳ 48 ᠴᠠᠭ ᠠᠴᠠ ᠳᠡᠭᠡᠭᠰᠢ ᠦᠷᠭᠦᠯᠵᠢᠯᠡᠭᠰᠡᠨ ᠪᠠᠶᠢᠪᠠᠯ᠂ ᠲᠤᠬᠠᠶᠢᠯᠠᠪᠠᠯ ᠠᠭᠠᠷ ᠮᠠᠨᠳᠠᠯ ᠤᠨ ᠴᠢᠨᠠᠷ ᠨᠢ ᠳᠥᠷᠪᠡᠳᠦᠭᠡᠷ ᠳᠡᠰ ︵ᠳᠤᠮᠳᠠ ᠵᠡᠷᠭᠡ ᠶᠢᠨ ᠪᠣᠬᠢᠷᠲᠤᠯ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ ᠪᠣᠬᠢᠷᠲᠤᠭᠳᠠᠭᠰᠠᠨ ᠬᠡᠮᠵᠢᠶᠡᠨ ᠳᠤ ᠬᠦᠷᠬᠦ ᠠᠭᠠᠷ ᠮᠠᠨᠳᠠᠯ ᠤᠨ ᠪᠣᠬᠢᠷᠲᠤᠯ ᠢ ᠵᠢᠭᠠᠵᠤ ᠪᠠᠶᠢᠨ᠎ᠠ᠃    ᠣᠽᠣᠨ ︵O3︶ ᠠᠴᠠ ᠪᠣᠯᠣᠨ ᠡᠭᠦᠰᠦᠭᠰᠡᠨ ᠠᠭᠠᠷ ᠮᠠᠨᠳᠠᠯ ᠤᠨ ᠬᠦᠨᠳᠦ ᠪᠣᠬᠢᠷᠲᠤᠯ ᠤᠨ ᠶᠠᠪᠤᠴᠠ ᠶᠢ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠯᠤᠨ ᠠᠽᠣᠲ ᠤᠨ ᠢᠰᠦᠮᠡᠭ ︵NOx︶ ᠢ ᠭᠠᠳᠠᠭᠰᠢᠭᠤᠯᠵᠤ ᠪᠠᠶᠢᠭ᠎ᠠ ᠢᠷᠡᠯᠲᠡ ᠶᠢᠨ ᠲᠣᠬᠠᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠡᠯᠡᠰᠦᠨ ᠰᠢᠭᠤᠷᠭ᠎ᠠ᠂ ᠵᠠᠷᠢᠮ ᠭᠠᠵᠠᠷ ᠲᠤ ᠡᠯᠡᠰᠦ ᠰᠢᠷᠣᠶ  ᠳᠡᠭᠳᠡᠬᠦ᠂ ᠤᠯᠤᠰ ᠤᠨ ᠬᠢᠯᠢ ᠶᠢᠨ ᠭᠠᠳᠠᠨᠠᠬᠢ ᠪᠣᠬᠢᠷᠲᠤᠯ ᠢ ᠳᠠᠮᠵᠢᠭᠤᠯᠬᠤ ᠵᠡᠷᠭᠡ ᠡᠵᠡᠮᠳᠡᠰᠢ ᠥᠬᠡᠶ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠳᠣᠯᠲᠤ ᠴᠠᠭ ᠠᠭᠤᠷ ᠢ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠪᠠᠨ ᠬᠠᠮᠠᠭᠠᠯᠠᠬᠤ ᠰᠠᠨᠠᠭᠤᠯᠤᠮᠵᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠡᠯᠡᠰᠦ ᠲᠣᠭᠤᠰᠣ ᠰᠢᠷᠣᠶ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃    1.4 ᠪᠡᠯᠡᠳᠬᠡᠯ ᠲᠥᠰᠦᠯ ᠤᠨ ᠰᠢᠰᠲ᠋ᠧᠮ    ᠲᠤᠰ ᠲᠥᠰᠦᠯ ᠪᠣᠯ ᠵᠠᠷᠤᠳ ᠬᠤᠰᠢᠭᠤᠨ ᠤ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠲᠥᠰᠦᠯ ᠤᠨ ᠰᠢᠰᠲ᠋ᠧᠮ ᠤᠨ ᠪᠦᠷᠢᠯᠳᠦᠬᠦᠨ ᠬᠡᠰᠡᠭ ᠪᠣᠯᠤᠨ᠎ᠠ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠵᠠᠷᠣᠳ ᠲᠤ ᠰᠠᠭᠤᠭ᠎ᠠ  ᠲᠥᠪ ᠣᠷᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠬᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠬᠦᠷᠢᠶ᠎ᠡ ᠴᠠᠷᠠᠭ᠎ᠠ᠂ ᠲᠣᠰ ᠬᠠᠷᠢᠶᠠᠲᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠲᠣᠰ ᠪᠡᠯᠡᠳᠬᠡᠯ ᠲᠥᠰᠦᠯ ᠲᠠᠢ ᠬᠠᠮᠲᠤ ᠪᠠᠷ ᠵᠠᠷᠤᠳ ᠬᠤᠰᠢᠭᠤᠨ ᠤ ᠬᠦᠨᠳᠦ ᠪᠣᠬᠢᠷᠳᠣᠯᠲᠤ ᠴᠠᠭ ᠠᠭᠤᠷ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠦᠷᠢᠯᠳᠦᠭᠦᠯᠬᠦ ᠬᠡᠷᠡᠭᠲᠡᠶ᠃    1.5 ᠠᠵᠢᠯ ᠤᠨ ᠵᠠᠷᠴᠢᠮ    ︵1︶ ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ᠃ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠪᠠᠲᠤᠯᠠᠬᠤ ᠪᠠᠷ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠵᠦ᠂ ᠰᠡᠷᠭᠡᠶᠢᠯᠡᠬᠦ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ  ᠴᠢᠬᠢᠷᠠᠭ ᠲᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃    ︵2︶ ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠨᠢᠭᠡᠳᠦᠯᠲᠡᠶ ᠤᠳᠤᠷᠢᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠶᠠᠲᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠤᠷᠢᠳᠴᠢᠯᠠᠨ ᠰᠡᠷᠡᠮᠵᠢᠯᠡᠭᠦᠯᠬᠦ ᠪᠠ ᠴᠣᠣᠷᠢᠶᠠᠳᠤᠨ ᠳᠠᠭᠠᠬᠤ ᠶᠢ ᠬᠠᠷᠢᠭᠤᠴᠠᠨ᠎ᠠ᠂ ᠡᠯ᠎ᠡ ᠬᠠᠮᠢᠶ᠎ᠠ ᠪᠥᠬᠦᠶ ᠨᠢᠭᠡᠴᠡ ᠬᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠨᠢᠭᠡᠳᠦᠯᠲᠡᠶ ᠴᠣᠣᠷᠢᠶᠠᠳᠤᠨ ᠳᠠᠭᠠᠬᠤ ᠬᠡᠷᠡᠭᠲᠡᠢ᠃    ︵3︶ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠴᠣᠣᠷᠢᠶᠠᠳᠤᠨ ᠳᠠᠭᠠᠨ᠎ᠠ᠃ ᠠᠭᠠᠷ ᠮᠠᠨᠳᠠᠯ ᠤᠨ ᠴᠢᠨᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠬᠦᠯᠵᠦ᠂ ᠴᠠᠭ ᠠᠭᠤᠷ ᠤᠨ ᠲᠣᠮᠣ ᠳ᠋ᠠᠶᠢᠲ᠋ᠠ ᠶᠢ ᠭᠦᠢᠴᠡᠳ ᠠᠰᠢᠭᠯᠠᠨ ᠵᠠᠳᠠᠯᠤᠨ ᠰᠤᠳᠤᠯᠵᠤ ᠮᠠᠭᠠᠳᠯᠠᠨ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠵᠦ᠂ ᠲᠦᠰᠦᠭᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠴᠠᠭ ᠲᠤᠬᠠᠢ ᠳᠤᠨᠢ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠪᠠ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠡᠷᠬᠡ ᠰᠦᠷᠲᠦ ᠵᠠᠭᠤᠴᠢᠯᠠᠭᠤᠷ ᠢᠶᠠᠷ ᠳᠠᠮᠵᠢᠭᠤᠯᠤᠨ᠂ ᠠᠭᠠᠷ ᠮᠠᠨᠳᠠᠯ ᠣᠷᠴᠢᠨ ᠲᠣᠭᠤᠷᠢᠨ ᠢ ᠬᠢᠨᠠᠨ ᠬᠡᠮᠵᠢᠯᠲᠡ ᠬᠢᠭᠰᠡᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠢ ᠥᠷᠭᠡᠨ ᠢᠶᠠᠷ ᠳᠠᠶᠢᠴᠢᠯᠠᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠪᠠ ᠰᠡᠷᠭᠡᠶᠢᠯᠡᠨ ᠬᠠᠮᠠᠭᠠᠯᠠᠬᠤ ᠠᠵᠢᠯ ᠳᠤ ᠢᠳᠡᠪᠬᠢᠲᠡᠶ ᠣᠷᠣᠯᠴᠠᠭᠤᠯᠤᠨ᠎ᠠ᠃    ︵4︶ ᠱᠠᠳᠤ ᠬᠤᠪᠢᠶᠠᠨ ᠬᠠᠮᠢᠶᠠᠷᠤᠨ ᠡᠵᠡᠮᠳᠡᠵᠦ᠂ ᠣᠨᠣᠴᠠᠲᠠᠶ ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ᠭᠤᠤᠯᠳᠠᠯᠭ᠎ᠠ ᠲᠠᠢ ᠠᠵᠢᠯ ᠲᠥᠷᠥᠯ ᠳᠤ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ ᠬᠡᠷᠡᠭᠵᠢᠭᠦᠯᠵᠦ᠂ ᠵᠦᠷᠢᠶᠡᠴᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠶᠢ  ᠨᠠᠶᠢᠲᠠᠪᠣᠷᠢᠵᠢᠭᠤᠯᠣᠨ᠎ᠠ᠂ ᠭᠤᠤᠯᠳᠠᠯᠭ᠎ᠠ ᠲᠠᠢ ᠠᠵᠢᠯ ᠲᠥᠷᠥᠯ ᠳᠤ ᠭᠤᠤᠯᠳᠠᠭᠤ ᠬᠡᠶ ᠲᠠᠢ ᠬᠤᠯᠪᠣᠭᠳᠠᠬᠤ ᠪᠣᠬᠢᠷᠲᠤᠯ ᠭᠠᠳᠠᠭᠰᠢᠯᠠᠭᠤᠯᠬᠤ ᠠᠵᠢᠯ ᠤᠨ ᠳᠠᠷᠠᠭᠠᠯᠠᠯ ᠢ ᠤᠷᠢᠳᠠᠪᠠᠷ ᠡᠵᠡᠮᠳᠡᠬᠦ ᠪᠠᠷ ᠭᠤᠤᠯ ᠪᠣᠯᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠦᠴᠦᠯᠡᠴᠡ ᠶᠢ ᠪᠦᠲᠦᠮᠵᠢᠲᠡᠶ ᠪᠠᠭᠤᠷᠠᠭᠤᠯᠤᠨ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ︾ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠵᠤ᠂ ᠠᠳᠠᠯᠢ ᠣᠷᠣᠨ ᠪᠦᠰᠡ᠂ ᠠᠳᠠᠯᠢ ᠠᠵᠢᠯ ᠲᠥᠷᠥᠯ᠂ ᠠᠳᠠᠯᠢ ᠠᠵᠢᠯ ᠤᠨ ᠦᠷ᠎ᠡ ᠪᠦᠲᠦᠮᠵᠢ ᠦᠷ᠎ᠡ ᠠᠰᠢᠭ ᠲᠠᠢ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠠᠷᠢᠴᠠᠩᠭᠤᠶ ᠨᠢᠭᠡᠳᠦᠯᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠠᠵᠢᠯ ᠲᠥᠷᠥᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ  ᠳᠡᠭᠡᠭᠰᠢᠯᠡᠬᠦ ᠶᠢ ᠠᠬᠢᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃     2. ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ     2.1 ᠵᠢᠯᠣᠭᠤᠳᠬᠤ ᠰᠢᠰᠲ᠋ᠧᠮ ᠬᠢᠭᠡᠳ ᠲᠤᠰᠢᠶᠠᠯ ᠬᠠᠷᠢᠭᠤᠴᠠᠯᠭ᠎ᠠ     ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠲᠥᠰᠦᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠨ ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠬᠠᠷᠢᠭᠤᠴᠠᠨ᠎ᠠ᠂ ᠪᠣᠳᠠᠲᠠᠶ ᠬᠡᠯᠡᠪᠡᠯ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠪᠠᠷ ᠶᠡᠷᠦᠩᠬᠡᠶ ᠵᠢᠯᠣᠭᠤᠳᠣᠭᠴᠢ ᠪᠣᠯᠭᠠᠵᠤ᠂ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠪᠠᠷ ᠳᠡᠳ᠋ ᠶᠡᠷᠦᠩᠬᠡᠶ ᠵᠢᠯᠣᠭᠤᠳᠣᠭᠴᠢ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠨᠢᠭᠡᠴᠡ᠂ ᠡᠯ᠎ᠡ ᠰᠤᠮᠤ ᠪᠠᠯᠭᠠᠰᠤ ᠲᠠᠯᠠᠪᠠᠶ᠂ ᠠᠵᠤ ᠦᠢᠯᠡᠳᠪᠦᠷᠢ ᠶᠢᠨ ᠲᠣᠭᠤᠷᠢᠭ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠭᠤᠤᠯ ᠤᠳᠤᠷᠢᠳᠤᠯᠭ᠎ᠠ ᠪᠠᠷ ᠬᠠᠷᠢᠭᠤᠴᠠᠯᠭᠠᠲᠠᠨ ᠪᠣᠯᠭᠠᠨ᠎ᠠ᠃ ᠲᠣᠰ ᠵᠢᠯᠣᠭᠤᠳᠬᠤ ᠰᠢᠰᠲ᠋ᠧᠮ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠨ ᠰᠢᠢᠳᠪᠦᠷᠢᠯᠡᠬᠦ ᠶᠠᠪᠤᠴᠠ ᠳᠠᠬᠢ᠂ ᠭᠤᠤᠯ ᠡᠭᠦᠷᠭᠡ ᠬᠠᠷᠢᠭᠤᠴᠠᠯᠭ᠎ᠠ ᠨᠢ ᠪᠥᠬᠦ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠨᠢᠭᠡᠳᠦᠯᠲᠡᠶ ᠤᠳᠤᠷᠢᠳᠤᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    2.2 ᠬᠡᠷᠡᠭ ᠡᠷᠬᠢᠯᠡᠬᠦ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ    ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠨᠢ ᠵᠠᠷᠤᠳ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠨ ᠰᠢᠢᠳᠪᠦᠷᠢᠯᠡᠬᠦ ᠶᠡᠷᠦᠩᠬᠡᠶᠢᠯᠡᠨ ᠵᠣᠬᠢᠴᠠᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠤᠯ ᠡᠭᠦᠷᠭᠡ ᠬᠠᠷᠢᠭᠤᠴᠠᠯᠭ᠎ᠠ ᠨᠢ ︽ᠵᠠᠷᠤᠳ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠲᠥᠰᠦᠯ︾ ᠳᠤ ᠴᠠᠭ ᠲᠤᠨᠢ ᠳᠣᠭᠢᠷᠠᠭᠤᠯᠤᠨ ᠵᠠᠰᠠᠪᠤᠷᠢ ᠣᠷᠣᠭᠤᠯᠵᠤ᠂ ᠲᠠᠰ ᠳᠠᠷᠠᠭᠠᠯᠠᠯ ᠶᠣᠰᠣᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ︔ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ᠂ ᠬᠤᠯᠪᠣᠭᠳᠠᠯ ᠪᠥᠬᠦᠶ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ‌ᠠᠷᠭᠠᠴᠠᠭᠠᠬᠤ ᠶᠢ ᠡᠬᠢᠯᠡᠭᠦᠯᠬᠦ ᠪᠤᠶᠤ ᠵᠣᠭᠰᠣᠭᠠᠬᠤ ᠮᠡᠳᠡᠭᠳᠡᠯ ᠢ ᠡᠯ᠎ᠡ ᠬᠠᠮᠢᠶ᠎ᠠ ᠪᠥᠬᠦᠶ ᠨᠢᠭᠡᠴᠡ ᠳᠤ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠣᠷᠢᠳᠴᠢᠯᠠᠨ ᠰᠡᠷᠡᠮᠵᠢᠯᠡᠭᠦᠯᠬᠦ ᠠᠯᠪᠠᠨ ᠵᠠᠷ ᠨᠡᠶᠢᠲᠡᠯᠡᠨ᠎ᠡ︔ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠰᠠᠨ ᠪᠠᠶᠢᠳᠠᠯ ᠤᠨ ᠲᠤᠬᠠᠢ ᠳ᠋ᠦᠩᠨᠡᠯᠲᠡ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ︔ ᠡᠯ᠎ᠡ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠰᠢᠮᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠦᠷᠨᠢᠭᠦᠯᠦᠨ᠎ᠡ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠯᠡᠨ ᠵᠢᠯᠣᠭᠤᠳᠬᠤ ᠰᠢᠰᠲ᠋ᠧᠮᠵᠢ ᠠᠴᠠ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃     2.3 ᠠᠭᠠᠷ ᠮᠠᠨᠳᠠᠯ ᠢ ᠪᠣᠬᠢᠷᠳᠣᠭᠤᠯᠬᠤ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ     ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠᠨ ᠳᠤ ᠣᠷᠣᠭᠤᠯᠤᠭᠰᠠᠨ ᠠᠵᠤ ᠠᠬᠤᠶᠢᠯᠠᠯ ᠪᠦᠬᠦᠨ ︽ᠨᠢᠭᠡ ᠦᠢᠯᠡᠳᠪᠦᠷᠢ ᠨᠢᠭᠡ ᠠᠷᠭ᠎ᠠ︾ ᠠᠪᠬᠤ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠂ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ ᠦᠢᠯᠡᠳᠪᠦᠷᠢᠯᠡᠯ ᠤᠨ ᠤᠷᠠᠯᠠᠯ ᠴᠤᠪᠤᠷᠠᠯ᠂ ᠭᠤᠣᠯᠳᠠᠭᠤ ᠬᠡᠶ ᠳᠤ ᠬᠤᠯᠪᠣᠭᠳᠠᠬᠤ ᠦᠢᠯᠡᠳᠪᠦᠷᠢᠯᠡᠯ ᠪᠣᠬᠢᠷᠲᠤᠯ ᠪᠤᠳᠠᠰ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠪᠠᠭᠲᠠᠨ᠎ᠠ︶ ᠢ ᠪᠠᠭᠲᠠᠭᠠᠬᠤ ᠶᠢᠨ ᠬᠠᠮᠲᠤ᠂ ᠠᠳᠠᠯᠢ ᠪᠤᠰᠤ ᠲᠠᠰ ᠤᠨ ᠰᠡᠷᠡᠮᠵᠢᠯᠡᠭᠦᠯᠦᠯ ᠳᠣᠤᠷᠠᠬᠢ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠦᠢᠯᠡᠳᠪᠦᠷᠢᠯᠡᠯ ᠢ ᠵᠣᠭᠰᠣᠭᠠᠬᠤ ︵ᠬᠢᠵᠠᠭᠠᠷᠯᠠᠬᠤ︶ ᠪᠣᠳᠠᠲᠠᠶ ᠦᠢᠯᠡᠳᠪᠦᠷᠢᠯᠡᠯ ᠤᠨ ᠱᠤᠭᠤᠮ᠂ ᠤᠷᠠᠯᠠᠯ ᠭᠤᠭᠴᠤᠭ᠎ᠠ ᠪᠣᠯᠤᠨ ᠡᠯ᠎ᠡ ᠲᠥᠷᠥᠯ ᠤᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠩᠭᠢᠯᠠᠭ᠎ᠠ ᠶᠢᠨ ᠴᠢᠨᠠᠷᠲᠠᠶ ᠭᠦᠢᠴᠡᠳᠭᠡᠯ ᠲᠤᠭ᠎ᠠ  ᠪᠠᠨ ᠲᠣᠳᠣᠷᠬᠠᠶᠢᠯᠠᠬᠤ ᠬᠡᠷᠡᠭᠲᠡᠶ᠃ ᠣᠨᠴᠠᠭᠠᠶ ᠴᠠᠭ ᠬᠤᠭᠤᠴᠠᠭᠠᠨ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠴᠠᠭᠠᠵᠠᠯᠠᠬᠤ ᠪᠤᠶᠤ ᠬᠢᠵᠠᠭᠠᠷᠯᠠᠬᠤ ᠱᠠᠭᠠᠷᠳᠠᠯᠭ᠎ᠠ ᠶᠢ ᠬᠠᠤᠯᠢ ᠶᠣᠰᠣᠭᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠳᠤ ᠣᠷᠣᠭᠤᠯᠤᠨ᠎ᠠ᠃     ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠨᠢ ᠭᠤᠣᠯᠳᠠᠭᠤ ᠬᠡᠰᠡᠭ ᠦᠢᠯᠡᠳᠪᠦᠷᠢᠯᠡᠯ ᠤᠨ ᠱᠤᠭᠤᠮ ᠢ  ᠵᠣᠭᠰᠣᠭᠠᠬᠤ᠂ ᠲᠡᠭᠡᠭᠡᠪᠦᠷᠢᠯᠡᠬᠦ ᠶᠢ ᠵᠣᠭᠰᠣᠭᠠᠬᠤ  ᠪᠤᠶᠤ ᠭᠤᠣᠯ ᠪᠣᠯᠬᠤ ᠦᠢᠯᠡᠳᠪᠦᠷᠢᠯᠡᠯ ᠤᠨ ᠲᠡᠰ ᠳᠠᠷᠠᠭᠠᠯᠠᠯ ︵ᠲᠥᠬᠦᠭᠡᠷᠦᠮᠵᠢ︶  ᠤᠨ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ᠃ ᠣᠬᠤᠷᠬᠠᠨ ᠬᠤᠭᠤᠴᠠᠭᠠᠨ ᠳᠤ ᠦᠢᠯᠡᠳᠪᠦᠷᠢᠯᠡᠯ ᠢᠶᠠᠨ ᠵᠣᠭᠰᠣᠭᠠᠬᠤ ᠳᠤ ᠪᠡᠷᠬᠡᠲᠡᠶ ᠪᠤᠶᠤ ᠦᠢᠯᠡᠳᠪᠦᠷᠢᠯᠡᠯ ᠤᠨ ᠴᠠᠭ ᠢᠶᠠᠨ ᠤᠷᠲᠤᠳᠬᠠᠬᠤ ᠴᠢᠬᠤᠯᠠᠲᠠᠢ ᠦᠢᠯᠡᠳᠪᠦᠷᠢᠯᠡᠯ ᠤᠨ ᠲᠥᠷᠦᠯ ᠳᠤ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ᠂ ᠦᠢᠯᠡᠳᠪᠦᠷᠢᠯᠡᠯ ᠤᠨ ᠲᠥᠯᠥᠪᠯᠡᠭᠡ ᠶᠢ ᠤᠷᠢᠳᠴᠢᠯᠠᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠣᠯᠤᠨ᠎ᠠ᠃      3. ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ      3.1 ᠬᠢᠨᠠᠨ ᠬᠡᠮᠵᠢᠬᠦ      ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠲᠣᠰ ᠪᠦᠷᠢ ᠮᠠᠨ ᠤ ᠬᠤᠰᠢᠭᠤᠨ ᠤ ᠣᠷᠴᠢᠨ ᠲᠣᠭᠤᠷᠢᠨ ᠤ ᠠᠭᠠᠷ ᠤᠨ ᠴᠢᠨᠠᠷ ᠢ ᠬᠢᠨᠠᠨ ᠬᠡᠮᠵᠢᠬᠦ ᠪᠠ ᠴᠠᠭ ᠠᠭᠤᠷ ᠤᠨ ᠡᠯᠧᠮᠧᠨ᠋ᠲ ᠢ ᠠᠵᠢᠭᠯᠠᠨ ᠬᠡᠮᠵᠢᠬᠦ ᠠᠵᠢᠯ ᠢ ᠬᠠᠷᠢᠭᠤᠴᠠᠵᠤ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ᠂ ᠬᠠᠮᠲᠤ ᠪᠠᠷ ᠡᠳ᠋ᠯᠡᠬᠦ᠂ ᠦᠨᠡᠯᠡᠬᠦ᠂ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠳᠤ ᠦᠨᠳᠦᠰᠦᠯᠡᠯ ᠬᠠᠩᠭᠠᠨ᠎ᠠ᠃ ᠢᠷᠡᠭᠡᠳᠦᠶ ᠳᠤ ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ ᠮᠡᠳᠡᠬᠦ ᠵᠢᠴᠢ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠳᠤ᠂ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠴᠠᠭ ᠲᠤᠬᠠᠶ ᠳᠤᠨᠢ ᠵᠥᠪᠳᠡᠯᠴᠡᠵᠦ᠂ ᠬᠡᠷᠡᠭᠴᠡᠭᠡ ᠪᠠᠷ ᠢᠶᠠᠨ ᠵᠥᠪᠳᠡᠯᠴᠡᠬᠦ ᠤᠳᠠᠭ᠎ᠠ ᠪᠠᠨ ᠨᠡᠮᠡᠭᠳᠡᠭᠦᠯᠵᠦ᠂ ᠬᠢᠨᠠᠨ ᠬᠡᠮᠵᠢᠭᠰᠡᠨ ᠦᠷ᠎ᠡ ᠳ᠋ᠦᠩ ᠵᠢᠴᠢ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠣᠷᠴᠢᠨ ᠲᠣᠭᠤᠷᠢᠨ ᠤ ᠠᠭᠠᠷ ᠤᠨ ᠴᠢᠨᠠᠷ ᠵᠢᠴᠢ ᠲᠤᠬᠠᠶ ᠶᠢᠨ ᠭᠠᠵᠠᠷ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠢᠷᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠢᠷᠡᠭᠡᠳᠦᠶ ᠶᠢᠨ 7 ᠡᠳᠦᠷ ᠤᠨ ᠳᠣᠲᠣᠷᠠᠬᠢ ᠣᠷᠴᠢᠨ ᠲᠣᠭᠤᠷᠢᠨ ᠤ ᠠᠭᠠᠷ ᠮᠠᠨᠳᠠᠯ ᠤᠨ ᠴᠢᠨᠠᠷ᠂ ᠴᠠᠭ ᠠᠭᠤᠷ ᠤᠨ ᠬᠦᠴᠦᠨ ᠵᠦᠢᠯ ᠢ ᠤᠷᠢᠳᠴᠢᠯᠠᠨ ᠮᠡᠳᠡᠭᠡᠯᠡᠨ ᠲᠥᠰᠦᠭᠡᠯᠡᠵᠦ᠂ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠤᠷᠢᠳᠴᠢᠯᠠᠨ ᠰᠡᠷᠡᠮᠵᠢᠯᠡᠭᠦᠯᠬᠦ᠂ ᠲᠣᠬᠢᠷᠠᠭᠤᠯᠬᠤ᠂ ᠬᠦᠴᠦᠨ ᠥᠬᠡᠶ ᠪᠣᠯᠭᠠᠬᠤ ᠰᠠᠨᠠᠭᠤᠯᠭ᠎ᠠ ᠪᠠᠨ ᠮᠡᠳᠡᠭᠦᠯᠬᠦ ᠶᠢᠨ ᠬᠠᠮᠲᠤ ᠴᠠᠭ ᠲᠤᠨᠢ ᠳᠣᠭᠢᠷᠠᠭᠤᠯᠤᠨ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠠᠭᠤᠴᠢᠯᠠᠭᠤᠷ ᠵᠡᠷᠭᠡ ᠬᠡᠯᠪᠡᠷᠢ ᠪᠠᠷ ᠨᠡᠶᠢᠲᠡᠯᠡᠨ᠎ᠡ᠃    3.2 ᠤᠷᠢᠳᠴᠢᠯᠠᠨ ᠰᠡᠷᠡᠮᠵᠢᠯᠡᠭᠦᠯᠬᠦ    ︵1︶ ᠤᠷᠢᠳᠴᠢᠯᠠᠨ ᠰᠡᠷᠡᠮᠵᠢᠯᠡᠭᠦᠯᠬᠦ ᠶᠢ ᠳᠡᠰ ᠬᠤᠪᠢᠶᠠᠬᠤ᠃ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠳᠤ ᠨᠢᠭᠡᠳᠦᠯᠲᠡᠶ ᠠᠭᠠᠷ ᠮᠠᠨᠳᠠᠯ ᠤᠨ ᠴᠢᠨᠠᠷ ᠤᠨ ᠢᠯᠡᠳᠬᠡᠭᠴᠢ ︵AQI︶ ᠪᠠᠷ ᠭᠦᠢᠴᠡᠳᠬᠡᠯ ᠲᠤᠭ᠎ᠠ ᠪᠣᠯᠭᠠᠵᠤ᠂ ᠲᠥᠰᠦᠭᠡᠯᠡᠭᠰᠡᠨ ᠡᠳᠦᠷ ᠤᠨ AQI ᠶᠢᠨ ᠳᠤᠮᠳᠠᠴᠢ ᠬᠡᠮᠵᠢᠭᠳᠡᠯ ᠢ ᠵᠠᠯᠭᠠᠪᠠᠷ 24 ᠴᠠᠭ ︵ᠪᠠᠶᠢᠭᠠᠯᠢ ᠶᠢᠨ ᠡᠳᠦᠷ ᠠᠯᠤᠰᠯᠠᠵᠤ ᠪᠣᠯᠤᠨ᠎ᠠ︶ ᠤᠨ ᠳᠤᠮᠳᠠᠴᠢ ᠬᠡᠮᠵᠢᠭᠳᠡᠯ ᠢᠶᠠᠷ ᠪᠤᠳᠤᠨ᠎ᠠ᠂ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠲᠠᠰ ᠢ ᠳᠣᠤᠷ᠎ᠠ ᠠᠴᠠ ᠳᠡᠭᠡᠭᠰᠢ ᠰᠢᠷ᠎ᠠ ᠥᠩᠭᠡ ︵Ⅲ ᠲᠠᠰ︶᠂ ᠲᠤᠬᠠᠶᠢᠯᠠᠪᠠᠯ ᠲᠥᠰᠦᠭᠡᠯᠡᠭᠰᠡᠨ ᠡᠳᠦᠷ ᠤᠨ AQI>200 ᠪᠤᠶᠤ ᠡᠳᠦᠷ ᠤᠨ AQI>150 ᠪᠦᠭᠡᠳ 48 ᠴᠠᠭ ᠠᠴᠠ ᠳᠡᠭᠡᠭᠰᠢ ᠦᠷᠭᠦᠯᠵᠢᠯᠡᠭᠰᠡᠨ᠂ ᠤᠯᠠᠪᠤᠷ ᠥᠩᠭᠡ ︵Ⅱ ᠲᠠᠰ︶᠂ ᠲᠣᠬᠠᠶᠢᠯᠠᠪᠠᠯ ᠲᠥᠰᠦᠭᠡᠯᠡᠭᠰᠡᠨ ᠡᠳᠦᠷ ᠤᠨ AQI>200 ᠪᠦᠭᠡᠳ 48 ᠴᠠᠭ ᠦᠷᠭᠦᠯᠵᠢᠯᠡᠭᠰᠡᠨ ᠪᠤᠶᠤ ᠡᠳᠦᠷ ᠤᠨ AQI>150 ᠪᠦᠭᠡᠳ 72 ᠴᠠᠭ ᠠᠴᠠ ᠳᠡᠭᠡᠭᠰᠢ  ᠦᠷᠭᠦᠯᠵᠢᠯᠡᠭᠰᠡᠨ᠂ ᠤᠯᠠᠭᠠᠨ ᠥᠩᠭᠡ ︵I ᠲᠠᠰ︶᠂ ᠲᠣᠬᠠᠶᠢᠯᠠᠪᠠᠯ ᠲᠥᠰᠦᠭᠡᠯᠡᠭᠰᠡᠨ ᠡᠳᠦᠷ ᠤᠨ AQI>200 ᠪᠦᠭᠡᠳ 72 ᠴᠠᠭ ᠦᠷᠭᠦᠯᠵᠢᠯᠡᠬᠦ᠂ ᠵᠢᠴᠢ ᠡᠳᠦᠷ ᠤᠨ AQI>300 ᠪᠦᠭᠡᠳ 24 ᠴᠠᠭ ᠠᠴᠠ ᠳᠡᠭᠡᠭᠰᠢ ᠦᠷᠭᠦᠯᠵᠢᠯᠡᠭᠰᠡᠨ᠃    AQI ᠶᠢᠨ ᠡᠳᠦᠷ ᠤᠨ ᠳᠤᠮᠳᠠᠴᠢ ᠬᠡᠮᠵᠢᠭᠳᠡᠯ ᠭᠡᠳᠡᠭ ᠨᠢ 24 ᠴᠠᠭ ᠤᠨ ᠭᠤᠯᠭᠤᠯᠲᠠ ᠶᠢᠨ ᠳᠤᠮᠳᠠᠴᠢ ᠬᠡᠮᠵᠢᠭᠳᠡᠯ ᠢᠶᠠᠷ ᠪᠤᠳᠤᠭᠰᠠᠨ AQI ᠶᠢ ᠵᠢᠭᠠᠵᠤ ᠪᠠᠶᠢᠨ᠎ᠠ᠂ ᠦᠷᠭᠦᠯᠵᠢᠯᠡᠭᠰᠡᠨ ᠡᠳᠦᠷ ᠤᠨ ᠲᠤᠭ᠎ᠠ ᠭᠡᠳᠡᠭ ᠨᠢ 24 ᠴᠠᠭ ᠦᠷᠭᠦᠯᠵᠢᠯᠡᠬᠦ ᠲᠤᠭ᠎ᠠ ᠶᠢ ᠵᠢᠭᠠᠵᠤ ᠪᠠᠶᠢᠨ᠎ᠠ᠃    ︵2︶ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠃ ᠠᠭᠠᠷ ᠮᠠᠨᠳᠠᠯ ᠤᠨ ᠴᠢᠨᠠᠷ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠪᠤᠶᠤ ᠳᠡᠭᠡᠳᠦ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠦᠶ᠎ᠡ ᠳᠤ᠂ ᠲᠠᠰ ᠬᠤᠪᠢᠶᠠᠭᠰᠠᠨ ᠪᠠᠷᠢᠮᠵᠢᠶ᠎ᠠ ᠶᠣᠰᠣᠭᠠᠷ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠬᠠᠮᠢᠶ᠎ᠠ ᠪᠥᠬᠦᠶ ᠨᠢᠭᠡᠴᠡ ᠵᠢᠴᠢ ᠬᠠᠷᠢᠶ᠎ᠠ ᠣᠷᠣᠨ ᠤ ᠭᠤᠤᠯᠳᠠᠯᠭ᠎ᠠ ᠲᠠᠢ ᠠᠭᠠᠷ ᠮᠠᠨᠳᠠᠯ ᠢ ᠪᠣᠬᠢᠷᠳᠣᠭᠤᠯᠬᠤ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ︔ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠲᠧᠯᠸᠢᠰ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ᠃ ᠰᠡᠷᠡᠮᠵᠢᠯᠡᠭᠦᠯᠬᠦ ᠮᠡᠳᠡᠭᠡ ᠵᠠᠩᠭᠢ ᠳᠤ ᠬᠦᠨᠳᠦ ᠪᠣᠬᠢᠷᠲᠤᠯ ᠲᠠᠢ ᠴᠠᠭ ᠠᠭᠤᠷ ᠤᠨ ᠢᠯᠡᠷᠡᠬᠦ ᠴᠠᠭ ᠬᠤᠭᠤᠴᠠᠭ᠎ᠠ᠂ ᠬᠡᠪᠴᠢᠶ᠎ᠡ᠂ ᠪᠣᠬᠢᠷᠲᠤᠯ ᠤᠨ ᠬᠡᠮᠵᠢᠶ᠎ᠡ᠂ ᠭᠤᠣᠯ ᠪᠣᠬᠢᠷᠲᠤᠯ ᠪᠣᠳᠠᠰ᠂ ᠰᠡᠷᠡᠮᠵᠢᠯᠡᠭᠦᠯᠬᠦ ᠲᠡᠰ᠂ ᠠᠭᠠᠷ ᠮᠠᠨᠳᠠᠯ ᠤᠨ ᠪᠣᠬᠢᠷᠲᠤᠯ ᠴᠠᠭ ᠠᠭᠤᠷ ᠤᠨ ᠨᠥᠬᠦᠴᠡᠯ ᠲᠡᠰ ᠵᠢᠴᠢ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃    ︵3︶ ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ᠃ ᠡᠳᠦᠷ ᠤᠨ AQI ᠶᠢᠨ ᠡᠳᠦᠷ ᠤᠨ ᠳᠤᠮᠳᠠᠴᠢ ᠬᠡᠮᠵᠢᠭᠳᠡᠯ ᠳᠤ ᠬᠤᠪᠢᠷᠠᠯᠲᠠ ᠭᠠᠷᠬᠤ ᠶᠢ  ᠲᠦᠰᠦᠭᠡᠯᠡᠨ ᠮᠡᠳᠡᠪᠡᠯ᠂ ᠳᠠᠷᠣᠶᠢᠬᠠᠨ ᠤᠷᠢᠳᠴᠢᠯᠠᠨ ᠰᠡᠷᠡᠮᠵᠢᠯᠡᠭᠦᠯᠬᠦ ᠲᠠᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠬᠤ ᠶᠢ ᠨᠡᠶᠢᠲᠡᠯᠡᠬᠦ ᠳᠡᠰ ᠳᠠᠷᠠᠭᠠᠯᠠᠯ ᠨᠢ ᠡᠬᠢᠯᠡᠭᠦᠯᠬᠦ ᠳᠡᠰ ᠳᠠᠷᠠᠭᠠᠯᠠᠯ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃ ᠠᠭᠠᠷ ᠮᠠᠨᠳᠠᠯ ᠤᠨ ᠴᠢᠨᠠᠷ ᠢ ᠲᠦᠰᠦᠭᠡᠯᠡᠭᠰᠡᠨ ᠪᠤᠶᠤ ᠬᠢᠨᠠᠨ ᠬᠡᠮᠵᠢᠭᠰᠡᠨ ᠦᠷ᠎ᠡ ᠳ᠋ᠥᠩ ᠨᠢ ᠨᠠᠩ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠥᠷᠬᠦ ᠦᠶ᠎ᠡ ᠳᠤ᠂ ᠳᠠᠷᠣᠶᠢᠬᠠᠨ ᠲᠠᠰ ᠳᠡᠪᠰᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠠᠭᠠᠷ ᠮᠠᠨᠳᠠᠯ ᠤᠨ ᠴᠢᠨᠠᠷ ᠢ ᠲᠦᠰᠦᠭᠡᠯᠡᠭᠰᠡᠨ ᠪᠤᠶᠤ ᠬᠢᠨᠠᠨ ᠬᠡᠮᠵᠢᠭᠰᠡᠨ ᠦᠷ᠎ᠡ ᠳ᠋ᠥᠩ ᠵᠤᠬᠢᠴᠠᠭᠰᠠᠨ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠪᠠᠷᠢᠮᠵᠢᠶ᠎ᠠ ᠠᠴᠠ ᠳᠣᠤᠷ᠎ᠠ ᠪᠣᠯᠲᠠᠯ᠎ᠠ ᠰᠠᠶᠢᠵᠢᠷᠠᠭᠰᠠᠨ ᠪᠥᠭᠡᠳ ᠲᠦᠰᠦᠭᠡᠯᠡᠪᠡᠯ 36 ᠴᠠᠭ ᠠᠴᠠ ᠳᠡᠭᠡᠭᠰᠢ ᠦᠷᠭᠦᠯᠵᠢᠯᠡᠬᠦ ᠦᠶ᠎ᠡ ᠳᠤ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠪᠠᠭᠤᠷᠠᠭᠤᠯᠵᠤ ᠪᠣᠯᠤᠨ᠎ᠠ︔ ᠠᠭᠠᠷ ᠮᠠᠨᠳᠠᠯ ᠤᠨ ᠴᠢᠨᠠᠷ ᠢ ᠲᠦᠰᠦᠭᠡᠯᠡᠭᠰᠡᠨ ᠪᠤᠶᠤ ᠬᠢᠨᠠᠨ ᠬᠡᠮᠵᠢᠭᠰᠡᠨ ᠦᠷ᠎ᠡ ᠳ᠋ᠥᠩ ᠪᠠᠭ᠎ᠠ ᠬᠡᠮᠵᠢᠶᠡᠨ ᠤ ᠪᠣᠬᠢᠷᠲᠤᠯ ᠵᠢᠴᠢ ᠲᠡᠭᠦᠨ ᠠᠴᠠ ᠳᠣᠷᠣᠭᠰᠢᠬᠢ ᠳᠡᠰ ᠲᠤ ᠬᠦᠷᠲᠡᠯ᠎ᠡ ᠰᠠᠶᠢᠵᠢᠷᠠᠭᠰᠠᠨ ᠪᠥᠭᠡᠳ ᠲᠦᠰᠦᠭᠡᠯᠡᠪᠡᠯ 36 ᠴᠠᠭ ᠠᠴᠠ ᠳᠡᠭᠡᠭᠰᠢ ᠦᠷᠭᠦᠯᠵᠢᠯᠡᠬᠦ ᠦᠶ᠎ᠡ ᠳᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠵᠤ ᠪᠣᠯᠤᠨ᠎ᠠ᠃    
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号