4 ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ | 4.1 ᠪᠠᠴᠢᠮ ᠪᠠᠶᠢᠳᠠᠯ ᠶᠢ ᠠᠷᠭᠠᠴᠠᠭᠠᠬᠤ ᠠᠵᠢᠯ ᠤᠨ ᠴᠣᠣᠷᠢᠶᠠᠳᠤᠯ ᠢ ᠳᠡᠰ ᠬᠤᠪᠢᠶᠠᠬᠤ | ᠬᠠᠷᠠᠭᠠᠯᠵᠠᠭᠰᠠᠨ ᠰᠡᠷᠡᠮᠵᠢᠯᠡᠭᠦᠯᠬᠦ ᠳᠡᠰ ᠢ ᠭᠤᠷᠪᠠᠨ ᠳᠡᠰ ᠬᠤᠪᠢᠶᠠᠨ ᠬᠡᠷᠡᠭᠵᠢᠭᠦᠯᠦᠨ᠎ᠡ᠃ | ︵1︶ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ᠂ Ⅲ ᠲᠠᠰ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ ᠶᠢ ᠡᠬᠢᠯᠡᠭᠦᠯᠦᠨ᠎ᠡ᠃ | ︵2︶ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ᠂ Ⅱ ᠲᠠᠰ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ ᠶᠢ ᠡᠬᠢᠯᠡᠭᠦᠯᠦᠨ᠎ᠡ᠃ | ︵3︶ ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ I ᠲᠠᠰ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ ᠶᠢ ᠡᠬᠢᠯᠡᠭᠦᠯᠦᠨ᠎ᠡ᠃ | 4.2 ᠪᠠᠴᠢᠮ ᠪᠠᠶᠢᠳᠠᠯ ᠶᠢ ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ ᠶᠢ ᠡᠬᠢᠯᠡᠭᠦᠯᠬᠦ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠮᠡᠭᠴᠡ᠂ ᠡᠯ᠎ᠡ ᠬᠠᠮᠢᠶ᠎ᠠ ᠪᠥᠬᠦᠶ ᠨᠢᠭᠡᠴᠡ ᠬᠢᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠴᠣᠣᠷᠢᠶᠠᠳᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠢ ᠴᠣᠣᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠮᠠᠰᠢᠨᠲᠤ ᠲᠡᠷᠭᠡᠨ ᠤ ᠶᠠᠪᠤᠬᠤ ᠶᠢ ᠬᠢᠵᠠᠭᠠᠷᠯᠠᠬᠤ᠂ ᠳᠤᠮᠳᠠᠳᠤ ᠪᠠᠭ᠎ᠠ ᠰᠤᠷᠭᠠᠭᠤᠯᠢ ᠵᠢᠴᠢ | ᠬᠡᠤᠬᠡᠳ ᠤᠨ ᠴᠡᠴᠡᠷᠯᠢᠭ ᠤᠨ ᠬᠢᠴᠢᠶᠡᠯ ᠢᠶᠠᠨ ᠵᠣᠭᠰᠣᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠡᠬᠢᠯᠡᠬᠦ ᠴᠠᠭ ᠢ | ᠲᠣᠰ ᠤᠳᠠᠭᠠᠨ ᠤ ᠰᠡᠷᠡᠮᠵᠢᠯᠡᠭᠦᠯᠬᠦ ᠮᠡᠳᠡᠭᠳᠡᠯ ᠳᠤ ᠨᠡᠶᠢᠲᠡᠯᠡᠭᠰᠡᠨ ᠪᠣᠳᠠᠲᠠᠶ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠶ᠃ | ᠳᠡᠭᠡᠳᠦ ᠱᠠᠲᠤᠨ ᠤ ᠵᠠᠰᠠᠭ ᠤᠨ ᠣᠷᠳᠣᠨ ᠤ ᠨᠡᠶᠢᠲᠡᠯᠡᠭᠰᠡᠨ ᠣᠷᠣᠨ ᠪᠦᠰᠡ ᠶᠢᠨ ᠴᠢᠨᠠᠷᠲᠠᠶ ᠰᠡᠷᠡᠮᠵᠢᠯᠡᠭᠦᠯᠦᠯ ᠢ | ᠣᠯᠣᠭᠰᠠᠨ ᠦᠶ᠎ᠡ ᠳᠤ᠂ ᠮᠠᠨ ᠤ ᠬᠤᠰᠢᠭᠤ ᠲᠦᠩᠯᠢᠶᠣᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠠᠯᠪᠠᠨ ᠬᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠳᠠᠷᠣᠶᠢᠬᠠᠨ | ᠬᠠᠷᠠᠭᠠᠯᠵᠠᠭᠰᠠᠨ ᠣᠷᠢᠳᠴᠢᠯᠠᠨ ᠰᠡᠷᠡᠮᠵᠢᠯᠡᠭᠦᠯᠬᠦ ᠴᠣᠣᠷᠢᠶᠠᠳᠤᠨ ᠳᠠᠭᠠᠬᠤ ᠲᠠᠰ ᠢ ᠴᠠᠭ ᠲᠤᠬᠠᠶ ᠳᠤᠨᠢ ᠡᠬᠢᠯᠡᠭᠦᠯᠵᠦ | ᠂ ᠬᠠᠷᠠᠭᠠᠯᠵᠠᠭᠰᠠᠨ ᠴᠣᠣᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠠᠪᠤᠨ᠎ᠠ᠃ | 4.3 ᠵᠢᠯᠣᠭᠤᠳᠬᠤ ᠪᠠ ᠵᠣᠬᠢᠴᠠᠭᠤᠯᠬᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ I ᠲᠠᠰ ᠤᠨ ᠴᠣᠣᠷᠢᠶᠠᠳᠤᠨ ᠳᠠᠭᠠᠬᠤ ᠠᠵᠢᠯ ᠢ | ᠡᠬᠢᠯᠡᠭᠦᠯᠬᠦ ᠦᠶ᠎ᠡ ᠳᠤ ᠳᠠᠷᠤᠶ ᠲᠦᠷᠭᠡᠨ ᠵᠣᠬᠢᠴᠠᠭᠤᠯᠬᠤ ᠬᠤᠷᠠᠯ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠳᠤ ᠪᠠᠶᠢᠷᠢᠯᠠᠭᠤᠯᠤᠯᠲᠠ ᠬᠢᠨ᠎ᠡ᠂ Ⅱ ᠲᠠᠰ᠂ Ⅲ ᠲᠠᠰ ᠤᠨ ᠴᠣᠣᠷᠢᠶᠠᠳᠤᠨ ᠳᠠᠭᠠᠬᠤ ᠠᠵᠢᠯ ᠢ ᠡᠬᠢᠯᠡᠭᠦᠯᠬᠦ | ᠦᠶ᠎ᠡ ᠳᠤ ᠴᠠᠭ ᠲᠤᠬᠠᠢ ᠳᠤᠨᠢ ᠵᠣᠬᠢᠴᠠᠭᠤᠯᠬᠤ ᠬᠤᠷᠠᠯ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ | ᠪᠠᠶᠢᠷᠢᠯᠠᠭᠤᠯᠤᠯᠲᠠ ᠬᠢᠨ᠎ᠠ᠃ | ᠵᠢᠯᠣᠭᠤᠳᠬᠤ ᠪᠠ ᠵᠣᠬᠢᠴᠠᠭᠤᠯᠬᠤ ᠶᠢᠨ ᠭᠤᠣᠯ ᠠᠭᠤᠯᠭ᠎ᠠ᠄ | ︵1︶ ᠪᠣᠳᠠᠲᠤ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠵᠢᠭᠦᠯᠬᠦ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠨ᠎ᠠ︔ | ︵2︶ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠠ ᠠᠵᠢᠯᠳᠠᠨ ᠢ ᠲᠣᠮᠢᠯᠠᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠠᠵᠢᠯ ᠳᠤ ᠣᠷᠣᠯᠴᠠᠭᠤᠯᠣᠨ᠎ᠠ︔ | ︵3︶ ᠡᠯ᠎ᠡ ᠱᠠᠳᠤ᠂ ᠡᠯ᠎ᠡ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ | ᠵᠣᠬᠢᠴᠠᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠶᠠᠪᠤᠭᠤᠯᠤᠨ᠎ᠠ︔ | ︵4︶ ᠲᠦᠩᠯᠢᠶᠣᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ | ᠬᠡᠷ ᠲᠤ ᠪᠠᠴᠢᠮ ᠪᠠᠶᠢᠳᠠᠯ ᠢ ᠠᠷᠭᠠᠴᠠᠭᠠᠭᠰᠠᠨ ᠠᠬᠢᠴᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠴᠣᠣᠷᠢᠶᠠᠳᠤᠨ ᠳᠠᠭᠠᠬᠤ ᠠᠵᠢᠯ ᠢ ᠡᠬᠢᠯᠡᠭᠦᠯᠬᠦ ᠶᠢᠨ ᠬᠠᠮᠲᠤ᠂ ᠪᠣᠬᠢᠷᠲᠤᠯ ᠤᠨ | ᠣᠨᠴᠠᠯᠢᠭ ᠢ ᠦᠨᠳᠦᠰᠦᠯᠡᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠠᠨᠳᠣᠯᠭᠠᠲᠤ ᠴᠢᠨᠠᠷᠲᠠᠶ ᠪᠠᠷ ᠪᠠᠴᠢᠮ ᠠᠷᠭᠠᠴᠠᠭᠠᠨ ᠪᠣᠬᠢᠷᠲᠤᠯ ᠪᠤᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠣᠯᠠᠨ᠎ᠠ᠃ | 4.4 ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ | ︵1︶ ᠶᠡᠷᠦᠩᠬᠡᠶ ᠱᠠᠭᠠᠷᠳᠠᠯᠭ᠎ᠠ᠃ ᠨᠢᠭᠡ ᠳᠤ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠴᠠᠯ ᠢ ᠨᠢᠭᠡᠳᠦᠯᠲᠡᠶ ᠲᠣᠭᠲᠠᠭᠠᠨ᠎ᠠ᠃ ᠬᠦᠨᠳᠦ ᠪᠣᠬᠢᠷᠲᠤᠯ ᠲᠠᠢ ᠴᠠᠭ | ᠠᠭᠤᠷ ᠢ ᠪᠠᠴᠢᠮ ᠠᠷᠭᠠᠴᠠᠭᠠᠬᠤ ᠴᠣᠣᠷᠢᠶᠠᠳᠣᠬᠤ ᠬᠤᠭᠤᠴᠠᠭᠠᠨ ᠳᠤ᠂ ᠬᠦᠬᠦᠷ ᠤᠨ ᠳᠠᠪᠬᠤᠷ ᠢᠰᠦᠯ ︵SO2︶ | ᠂ ᠠᠽᠣᠲ ᠤᠨ ᠢᠰᠦᠮᠡᠭ ︵NOx︶᠂ ᠮᠥᠬᠦᠯᠢᠭᠲᠦ ᠪᠣᠳᠠᠰ ︵PM︶ ᠪᠣᠯᠤᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ︵VOCs︶ ᠤᠨ ᠪᠣᠬᠢᠷᠳᠣᠯ ᠢ ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠴᠠᠯ ᠢ ᠲᠣᠰ ᠪᠦᠷᠢ | ᠪᠥᠬᠦ ᠨᠡᠶᠢᠭᠡᠮ ᠤᠨ ᠭᠠᠳᠠᠭᠰᠢᠯᠠᠭᠤᠯᠬᠤ ᠬᠡᠮᠵᠢᠶ᠎ᠡ ᠳᠠᠬᠢ ᠡᠵᠡᠯᠡᠬᠦ ᠬᠠᠷᠢᠴᠠᠯ ᠢ 10%᠂ 20% ᠪᠠ 30% ᠠᠴᠠ | ᠳᠡᠭᠡᠭᠰᠢ ᠳᠤ ᠬᠦᠷᠦᠭᠦᠯᠬᠦ ᠬᠡᠷᠡᠭᠲᠡᠶ᠃ ᠣᠷᠣᠨ ᠪᠦᠰᠡ ᠶᠢᠨ ᠪᠣᠳᠠᠲᠠᠶ ᠪᠣᠬᠢᠷᠲᠤᠯ ᠪᠣᠳᠠᠰ ᠢ ᠭᠠᠳᠠᠭᠰᠢᠯᠠᠭᠤᠯᠬᠤ | ᠪᠦᠲᠦᠴᠡ ᠶᠢ ᠦᠨᠳᠦᠰᠦᠯᠡᠨ᠂ SO2 ᠪᠣᠯᠤᠨ NOx ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠠᠷᠢᠴᠠᠯ ᠳᠤ ᠲᠣᠬᠢᠷᠠᠭᠤᠯᠤᠯᠲᠠ ᠬᠢᠵᠦ ᠪᠣᠯᠤᠨ᠎ᠠ᠂ ᠭᠡᠪᠡᠴᠦ ᠡᠨᠡ ᠬᠤᠶᠠᠷ ᠤᠨ ᠬᠠᠷᠢᠴᠠᠯ ᠤᠨ | ᠨᠡᠶᠢᠯᠡᠪᠦᠷᠢ ᠨᠢ ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠠᠴᠠ ᠳᠣᠤᠷ᠎ᠠ ᠪᠠᠶᠢᠵᠤ ᠪᠣᠯᠬᠤ ᠥᠬᠡᠶ᠃ | ᠬᠤᠶᠠᠷ ᠲᠤ ᠳᠠᠩᠰᠠᠴᠢᠯᠠᠭᠰᠠᠨ ᠲᠥᠷᠥᠯ ᠬᠤᠪᠢᠶᠠᠭᠰᠠᠨ ᠪᠠᠴᠢᠮ ᠠᠷᠭᠠᠴᠠᠭᠠᠨ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠦᠨ᠎ᠡ᠃ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ | ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠨᠠᠷᠢᠨ | ᠳᠠᠩᠰᠠ ᠶᠢ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ᠠᠭᠠᠷ ᠮᠠᠨᠳᠠᠯ ᠲᠠᠢ | ᠬᠤᠯᠪᠣᠭᠳᠠᠭᠰᠠᠨ ᠪᠣᠬᠢᠷᠲᠤᠯ ᠤᠨ ᠡᠬᠢ ᠶᠢ ᠪᠠᠴᠢᠮ ᠠᠷᠭᠠᠴᠠᠭᠠᠵᠤ ᠪᠣᠬᠢᠷᠲᠤᠯ ᠪᠤᠳᠠᠰ ᠢ ᠭᠠᠳᠠᠭᠰᠢᠯᠠᠭᠤᠯᠬᠤ ᠶᠢ | ᠪᠠᠭᠠᠰᠬᠠᠬᠤ ᠨᠠᠷᠢᠨ ᠳᠠᠩᠰᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ | ᠠᠷᠭᠠᠴᠠᠭᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠨᠠᠷᠢᠨ ᠳᠠᠩᠰᠠᠨ ᠳᠤ ᠪᠠᠴᠢᠮ ᠪᠠᠶᠢᠳᠠᠯ ᠢ | ᠠᠷᠭᠠᠴᠠᠭᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶ | ᠲᠣᠭᠲᠠᠭᠠᠵᠤ᠂ ᠪᠣᠳᠠᠲᠠᠶ ᠦᠢᠯᠡᠳᠪᠦᠷᠢᠯᠡᠯ ᠤᠨ ᠱᠤᠭᠤᠮ᠂ ᠦᠢᠯᠡᠳᠪᠦᠷᠢᠯᠡᠯ ᠤᠨ ᠭᠤᠭᠴᠤᠭ᠎ᠠ᠂ | ᠦᠢᠯᠡᠳᠪᠦᠷᠢᠯᠡᠯ ᠤᠨ ᠲᠥᠬᠦᠭᠡᠷᠦᠮᠵᠢ ᠳᠤ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ ᠪᠣᠯᠬᠤ᠂ ᠬᠡᠷᠡᠭᠵᠢᠭᠦᠯᠵᠦ ᠪᠣᠯᠬᠤ | ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ︔ | ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ ᠠᠴᠠ ᠬᠤᠯᠪᠣᠭᠳᠠᠯ ᠪᠥᠬᠦᠶ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠭᠤᠤᠯᠳᠠᠯᠭ᠎ᠠ ᠲᠠᠢ ᠠᠵᠤ ᠠᠬᠤᠶᠢᠯᠠᠯ ᠢ ᠵᠢᠯᠣᠭᠤᠳᠤᠨ ︽ᠨᠢᠭᠡ ᠦᠢᠯᠡᠳᠪᠦᠷᠢ ᠨᠢᠭᠡ ᠠᠷᠭ᠎ᠠ︾ ᠶᠢᠨ | ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠡᠷᠡᠭᠵᠢᠭᠦᠯᠬᠦ ᠲᠥᠰᠦᠯ ᠢ | ᠲᠣᠭᠲᠠᠭᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠣᠬᠢᠷᠲᠤᠯ | ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠪᠣᠳᠠᠲᠠᠶ ᠪᠥᠭᠡᠳ ᠶᠠᠪᠤᠭᠳᠠᠭᠤᠰᠢᠲᠠᠶ ᠪᠠᠶᠢᠬᠤ ᠶᠢ | ᠪᠠᠲᠤᠯᠠᠵᠤ᠂ ᠣᠨᠴᠠᠭᠠᠢ ᠴᠠᠭ ᠬᠤᠭᠤᠴᠠᠭᠠᠨ ᠳᠤ ᠪᠣᠬᠢᠷᠲᠤᠯ ᠢᠶᠠᠨ ᠭᠠᠳᠠᠭᠰᠢᠯᠠᠭᠤᠯᠬᠤ ᠶᠢ ᠴᠠᠭᠠᠵᠠᠯᠠᠬᠤ ᠪᠤᠶᠤ | ᠬᠢᠵᠠᠭᠠᠷᠯᠠᠬᠤ ᠱᠠᠭᠠᠷᠳᠠᠯᠭ᠎ᠠ ᠶᠢ ᠬᠠᠤᠯᠢ ᠶᠣᠰᠣᠭᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ | ᠦᠨᠡᠮᠯᠡᠯ ᠳᠤ ᠣᠷᠣᠭᠤᠯᠤᠨ᠎ᠠ᠃ ᠭᠤᠷᠪᠠ ᠳᠤ ᠵᠦᠷᠢᠶᠡᠵᠢᠬᠦᠯᠦᠨ ᠲᠠᠰ ᠬᠤᠪᠢᠶᠠᠨ ᠪᠠᠴᠢᠮ ᠠᠷᠭᠠᠴᠠᠭᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠦᠨ᠎ᠡ᠃ ᠠᠷᠠᠳ ᠤᠨ ᠠᠮᠢᠳᠤᠷᠠᠯ ᠤᠨ ᠬᠡᠪ ᠤᠨ ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠤᠨ | ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠭᠤᠤᠯᠳᠠᠯᠭ᠎ᠠ ᠲᠠᠢ ᠠᠵᠢᠯ ᠲᠥᠷᠥᠯ ᠠᠵᠤ ᠠᠬᠤᠶᠢᠯᠠᠯ ᠳᠤ ᠣᠷᠴᠢᠨ | ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠪᠠ ᠵᠦᠷᠢᠶᠡᠵᠢᠬᠦᠯᠦᠨ | ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ | ᠬᠤᠯᠪᠣᠭᠳᠠᠭᠰᠠᠨ ᠠᠵᠤ ᠠᠬᠤᠶᠢᠯᠠᠯ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ | ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ | ᠳᠠᠩᠰᠠᠨ ᠳᠤ ᠣᠷᠣᠭᠤᠯᠤᠨ ᠪᠠᠲᠤᠯᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠨ᠎ᠡ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠨᠢ A ᠲᠠᠰ ᠤᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠠᠯᠪᠠᠳᠠᠯᠭ᠎ᠠ ᠪᠠᠷ ᠦᠢᠯᠡᠳᠪᠦᠷᠢᠯᠡᠯ ᠢ ᠨᠢ ᠵᠣᠭᠰᠣᠭᠠᠬᠤ ᠪᠤᠶᠤ | ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠥᠬᠡᠶ︔ ᠣᠷᠴᠢᠨ ᠠᠬᠤᠶ ᠶᠢᠨ ᠬᠠᠮᠠᠭᠠᠯᠠᠯᠲᠠ ᠶᠢᠨ | ᠠᠮᠵᠢᠯᠲᠠ ᠪᠦᠲᠦᠮᠵᠢ ᠨᠢ B ᠲᠠᠰ ᠤᠨ ᠪᠠᠷᠢᠮᠵᠢᠶ᠎ᠠ ᠳᠤ ᠭᠦᠷᠦᠭᠰᠡᠨ ᠠᠵᠤ ᠠᠬᠤᠶᠢᠯᠠᠯ ᠳᠤ ᠦᠢᠯᠡᠪᠦᠷᠢᠯᠡᠯ ᠢ ᠨᠢ | ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠨ᠎ᠠ︔ ᠪᠣᠬᠢᠷᠲᠤᠯ ᠢ | ᠵᠠᠰᠠᠬᠤ ᠬᠢᠷᠢ ᠬᠡᠮᠵᠢᠶ᠎ᠡ ᠪᠠᠷ ᠳᠣᠣᠷ᠎ᠠ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ | ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠡᠷᠴᠢᠮ | ᠢᠶᠠᠨ ᠴᠢᠩᠭᠠᠷᠠᠭᠤᠯᠵᠤ᠂ ᠴᠢᠳᠠᠪᠣᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ | ᠦᠶ᠎ᠡ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠠᠪᠬᠤ ᠶᠢ ᠵᠣᠷᠢᠭᠵᠢᠭᠤᠯᠤᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ ᠦᠢᠯᠡᠳᠪᠦᠷᠢ᠂ ᠰᠠᠭᠤᠭᠠᠯᠢ | ᠠᠷᠠᠳ ᠤᠨ ᠳᠤᠯᠠᠭᠠᠯᠭ᠎ᠠ ᠶᠢᠨ ᠵᠣᠣᠬᠠᠨ ᠬᠡᠷ᠂ ᠬᠡᠶ ᠪᠡᠶᠡᠲᠡᠢ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ︵ | ᠨᠡᠭᠦᠷᠡᠰᠦ ᠦᠯᠦ ᠰᠢᠲᠠᠭᠠᠬᠤ᠂ ᠲᠣᠰᠣ ᠦᠯᠦ ᠰᠢᠲᠠᠭᠠᠬᠤ᠂ ᠪᠣᠬᠢᠷᠲᠤᠯ ᠪᠣᠳᠠᠰ ᠤᠨ ᠪᠦᠷᠢᠯᠳᠦᠬᠦᠨ ᠲᠠᠩ ᠴᠤᠯᠭᠤᠶ᠂ | ᠭᠠᠳᠠᠭᠰᠢᠯᠠᠭᠤᠯᠤᠭᠰᠠᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠳᠣᠲᠣᠷᠠᠬᠢ ᠬᠤᠤᠷ ᠲᠠᠢ ᠬᠥᠨᠥᠭᠡᠯ ᠲᠠᠢ ᠵᠢᠴᠢ | ᠦᠮᠡᠬᠡᠶ ᠬᠡᠶ ᠪᠡᠶᠡᠲᠦ ᠥᠬᠡᠶ᠂ ᠪᠣᠬᠢᠷᠲᠤᠯ ᠪᠣᠳᠠᠰ ᠤᠨ ᠵᠢᠯ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠨᠢ 100 | ᠺᠢᠯᠣᠭ᠍ᠷᠠᠮ ᠠᠴᠠ ᠳᠣᠷᠣᠭᠰᠢᠬᠢ ᠠᠵᠤ ᠠᠬᠤᠶᠢᠯᠠᠯ︶ ᠵᠡᠷᠭᠡ ᠳᠤ ᠦᠢᠯᠡᠳᠪᠦᠷᠢᠯᠡᠬᠦ ᠶᠢ ᠵᠣᠭᠰᠣᠭᠠᠬᠤ ᠪᠠ ᠬᠢᠵᠠᠭᠠᠷᠯᠠᠬᠤ | ᠠᠷᠭ᠎ᠠ ᠬᠡᠮᠵᠢᠶ᠎ᠡ ᠠᠪᠴᠤ ᠪᠣᠯᠬᠤ ᠥᠬᠡᠶ᠃ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠱᠠᠭᠠᠷᠳᠠᠯᠭ᠎ᠠ ᠶᠢ ᠬᠦᠷᠬᠦ ᠳᠤ ᠬᠦᠴᠢᠷᠲᠡᠶ ᠪᠠᠶᠢᠳᠠᠯ ᠳᠣᠣᠷ᠎ᠠ᠂ ᠬᠡᠷᠡᠭᠴᠡᠭᠡ ᠶᠣᠰᠣᠭᠠᠷ ᠬᠡᠢ ᠪᠡᠶᠡᠲᠡᠢ ᠬᠤᠯᠪᠣᠭᠳᠠᠬᠤ | ᠵᠢᠵᠢᠭ ᠪᠢᠴᠢᠯ ᠠᠵᠤ ᠠᠬᠤᠶᠢᠯᠠᠯ ᠳᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ | ᠳᠤᠯᠠᠭᠠᠯᠭ᠎ᠠ ᠶᠢᠨ ᠭᠦᠸᠧᠯᠦ ᠪᠣᠯᠤᠨ ᠲᠤᠬᠠᠶ ᠶᠢᠨ ᠭᠠᠵᠠᠷ ᠤᠨ ᠠᠭᠠᠷ ᠤᠨ ᠴᠢᠨᠠᠷ ᠲᠤ ᠨᠥᠯᠥᠭᠡ ᠪᠠᠷ ᠪᠠᠭ᠎ᠠ ᠪᠠᠶᠢᠳᠠᠭ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠲᠤ ᠦᠢᠯᠡᠳᠪᠦᠷᠢᠯᠡᠯ ᠢ ᠨᠢ ᠵᠣᠭᠰᠣᠭᠠᠬᠤ ︵ᠬᠢᠵᠠᠭᠠᠷᠯᠠᠬᠤ︶ ᠠᠷᠭ᠎ᠠ | ᠬᠡᠮᠵᠢᠶ᠎ᠡ ᠠᠪᠬᠤ ᠠᠴᠠ ᠵᠠᠶᠢᠯᠠᠰᠬᠢᠵᠦ ᠪᠣᠯᠤᠨ᠎ᠠ᠃ ᠲᠦᠷᠪᠡ ᠳᠤ᠂ ᠣᠷᠣᠨ ᠪᠦᠰᠡ ᠪᠠᠷ ᠪᠠᠴᠢᠮ ᠪᠠᠶᠢᠳᠠᠯ ᠢ | ᠠᠷᠭᠠᠴᠠᠭᠠᠬᠤ ᠴᠣᠣᠷᠢᠶᠠᠳᠤᠨ ᠳᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠴᠣᠣᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠣᠷᠣᠨ ᠪᠦᠰᠡ ᠪᠠᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ | ᠬᠡᠷᠡᠭᠯᠡᠨ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠤᠯᠢ ᠬᠡᠷᠡᠭᠵᠢᠭᠦᠯᠬᠦ | ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ | ᠰᠣᠯᠪᠢᠴᠠᠨ ᠬᠠᠤᠯᠢ ᠬᠡᠷᠡᠭᠵᠢᠭᠦᠯᠬᠦ ᠪᠠ ᠦᠢᠯᠡᠳᠪᠦᠷᠢ ᠳᠤ ᠰᠠᠭᠤᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠣᠷᠣᠨ | ᠪᠦᠰᠡ ᠪᠠᠷ ᠪᠣᠬᠢᠷᠲᠤᠯ ᠢ ᠵᠠᠰᠠᠬᠤ ᠳᠤ ᠬᠠᠮᠵᠢᠯᠴᠠᠬᠤ᠂ ᠠᠷᠭᠠᠴᠠᠭᠠᠬᠤ ᠳᠤ ᠬᠠᠮᠵᠢᠯᠴᠠᠬᠤ᠂ ᠬᠠᠮᠢᠶᠠᠷᠤᠨ | ᠡᠵᠡᠮᠳᠡᠬᠦ ᠳᠤ ᠬᠠᠮᠵᠢᠯᠴᠠᠬᠤ ᠶᠢ ᠦᠨᠡᠨᠬᠦ ᠠᠬᠢᠭᠤᠯᠤᠨ᠎ᠠ᠃ | ︵2︶ Ⅲ ᠲᠠᠰ ᠤᠨ ᠴᠣᠣᠷᠢᠶᠠᠳᠤᠯ ᠢ ᠳᠠᠭᠠᠬᠤ ᠠᠷᠭ᠎ᠠ ᠬᠡᠮᠵᠢᠶ᠎ᠡ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ | ᠰᠠᠯᠠᠭ᠎ᠠ ᠮᠥᠴᠢᠷ᠂ ᠠᠵᠤ ᠠᠬᠤᠶᠢᠯᠠᠯ ᠢ ᠳᠠᠷᠦ᠋ᠢᠬᠠᠨ ᠵᠣᠬᠢᠶᠠᠨ ᠪᠠᠶᠢᠭᠤᠯᠵᠤ ᠬᠠᠷᠠᠭᠠᠯᠵᠠᠭᠰᠠᠨ ᠲᠠᠰ ᠢ ᠴᠣᠷᠢᠶᠠᠳᠤᠨ | ᠳᠠᠭᠠᠬᠤ ᠠᠷᠭ᠎ᠠ ᠬᠡᠮᠵᠢᠶ᠎ᠡ ᠠᠪᠤᠨ᠎ᠠ᠃ ᠳᠠᠷᠠᠭᠠᠬᠢ ᠶᠢ ᠪᠠᠭᠲᠠᠭᠠᠬᠤ ᠪᠣᠯᠪᠠᠴᠤ ᠳᠣᠤᠷᠠᠬᠢ ᠠᠷᠭ᠎ᠠ ᠬᠡᠮᠵᠢᠶ᠎ᠡ ᠳᠤ | ᠬᠢᠵᠠᠭᠠᠷᠯᠠᠭᠳᠠᠬᠤ ᠥᠬᠡᠶ᠄ ᠨᠢᠭᠡ ᠳᠤ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠬᠤᠰᠢᠭᠤᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠲᠧᠯᠸᠢᠰ ᠬᠤᠷᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ | ᠰᠠᠯᠠᠭ᠎ᠠ ᠮᠥᠴᠢᠷ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠣᠷᠣᠨ ᠳᠤ ᠳᠣᠤᠷᠠᠬᠢ ᠮᠡᠲᠦ | ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠬᠦ ᠶᠢ ᠬᠢᠨᠠᠨ ᠵᠢᠯᠣᠭᠤᠳᠬᠤ᠂ | ᠵᠣᠬᠢᠴᠠᠭᠤᠯᠬᠤ ᠠᠵᠢᠯ ᠢ ᠬᠠᠷᠢᠭᠤᠴᠠᠨ᠎ᠠ᠄ ︽ᠬᠡᠤᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠰᠤᠳᠠᠯ᠂ | ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠳᠤ ᠨᠡᠷᠪᠡᠭᠳᠡᠭᠰᠡᠨ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ | ᠴᠢᠳᠠᠬᠤ ᠶᠢᠨ ᠬᠢᠷᠢ ᠪᠠᠷ ᠦᠷᠦᠬᠡᠨ ᠳᠡᠭᠡᠨ ᠦᠯᠡᠳᠡᠵᠦ᠂ ᠬᠡᠷ ᠤᠨ ᠭᠠᠳᠠᠨ᠎ᠠ ᠬᠥᠳᠡᠯᠭᠡᠭᠡᠨ ᠠᠴᠠ ᠵᠠᠶᠢᠯᠠᠰᠬᠢᠨ᠎ᠡ︔ | ᠡᠩ ᠤᠨ ᠬᠥᠮᠦᠰ ᠭᠡᠷ ᠤᠨ ᠭᠠᠳᠠᠨᠠᠬᠢ ᠬᠥᠳᠡᠯᠭᠡᠭᠡᠨ ᠪᠠ ᠠᠵᠢᠯᠯᠠᠬᠤ ᠴᠠᠭ ᠢᠶᠠᠨ ᠪᠠᠭᠠᠰᠬᠠᠬᠤ ᠪᠤᠶᠤ ᠲᠡᠭᠦᠨ ᠠᠴᠠ | ᠵᠠᠶᠢᠯᠠᠰᠬᠢᠵᠦ᠂ ᠦᠨᠡᠬᠡᠷ ᠵᠠᠶᠢᠯᠠᠵᠤ ᠴᠢᠳᠠᠬᠤ ᠦᠭᠡᠢ ᠪᠣᠯ᠂ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠠᠪᠤᠨ᠎ᠠ︾︔ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠠᠴᠠ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠡᠷ ᠤᠨ ᠭᠠᠳᠠᠨᠠᠬᠢ ᠬᠢᠴᠢᠶᠡᠯ ᠪᠠ ᠠᠵᠢᠯᠯᠠᠭ᠎ᠠ ᠶᠢ ᠵᠣᠭᠰᠣᠭᠠᠬᠤ ᠶᠢ | ᠬᠢᠨᠠᠨ ᠵᠢᠯᠣᠭᠤᠳᠴᠤ ᠵᠣᠬᠢᠶᠠᠨ ᠪᠠᠶᠢᠭᠤᠯᠣᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠠᠪᠤᠷᠠᠨ ᠵᠠᠰᠠᠬᠤ ᠬᠡᠷᠡᠭᠴᠡᠭᠡ ᠶᠢ ᠦᠨᠳᠦᠰᠦᠯᠡᠨ ᠡᠮᠴᠢ ᠰᠤᠪᠢᠯᠠᠭᠴᠢ ᠪᠠᠨ ᠨᠡᠮᠡᠭᠳᠡᠭᠦᠯᠬᠦ ᠶᠢ ᠬᠢᠨᠠᠨ ᠵᠢᠯᠣᠭᠤᠳᠬᠤ ᠶᠢ | ᠬᠠᠷᠢᠭᠤᠴᠠᠨ᠎ᠠ᠃ ᠬᠤᠶᠠᠷ ᠲᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠰᠠᠨᠠᠭᠠᠴᠢᠯᠠᠭ᠎ᠠ ᠶᠢᠨ ᠴᠢᠨᠠᠷᠲᠠᠶ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠲᠧᠯᠸᠢᠰ ᠬᠤᠷᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ ᠤᠨ ᠬᠦᠨᠳᠦ ᠪᠣᠬᠢᠷᠲᠤᠯ ᠲᠠᠢ ᠴᠠᠭ | ᠠᠭᠤᠷ ᠢ ᠪᠠᠴᠢᠮ ᠠᠷᠭᠠᠴᠠᠭᠠᠬᠤ ᠴᠣᠣᠷᠢᠶᠠᠳᠣᠬᠤ ᠭᠠᠵᠠᠷ ᠣᠷᠣᠨ ᠳᠤ ᠳᠣᠤᠷᠠᠬᠢ ᠰᠠᠨᠠᠭᠠᠴᠢᠯᠠᠭ᠎ᠠ ᠶᠢᠨ ᠮᠡᠳᠡᠭᠡ | ᠵᠠᠩᠭᠢ ᠶᠢ ᠨᠡᠶᠢᠲᠡᠯᠡᠬᠦ ᠶᠢ ᠬᠢᠨᠠᠨ ᠵᠢᠯᠣᠭᠤᠳᠬᠤ ᠪᠠ ᠵᠣᠬᠢᠴᠠᠭᠤᠯᠵᠤ᠂ ︽ᠣᠯᠠᠨ ᠨᠡᠶᠢᠲᠡ ᠶᠢᠨ ᠪᠣᠬᠢᠷᠲᠤᠯ ᠥᠬᠡᠶ | ᠬᠡᠷᠡᠭᠯᠡᠭᠡ ᠶᠢ ᠰᠠᠨᠠᠭᠠᠴᠢᠯᠠᠵᠤ᠂ ᠨᠢᠭᠡᠴᠢ ᠪᠠ ᠣᠯᠠᠨ ᠨᠡᠶᠢᠲᠡ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ | ᠠᠭᠤᠯᠣᠭᠰᠠᠨ ᠲᠦᠷᠬᠢᠭᠡᠰᠦ᠂ ᠰᠢᠷ ᠪᠤᠳᠤᠭ᠂ ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ ᠦᠢᠯᠡᠳᠭᠦᠨ ᠤ | ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠨ᠎ᠠ︔ ᠣᠯᠠᠨ ᠨᠡᠶᠢᠲᠡ ᠶᠢᠨ ᠪᠣᠬᠢᠷᠲᠤᠯ ᠥᠬᠡᠶ ᠶᠠᠪᠣᠵᠤ ᠰᠠᠭᠤᠬᠤ ᠶᠢ | ᠰᠠᠨᠠᠭᠠᠴᠢᠯᠠᠵᠤ᠂ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠤᠶᠤ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡᠨ ᠪᠠᠷ ᠶᠠᠪᠣᠵᠤ ᠰᠠᠭᠤᠬᠤ᠂ ᠲᠡᠷᠭᠡᠨ ᠵᠣᠭᠰᠣᠭᠠᠬᠤ ᠲᠠᠢ ᠵᠡᠷᠭᠡ ᠤᠨᠲᠠᠷᠠᠭᠠᠵᠤ᠂ | ᠲᠡᠷᠭᠡᠨ ᠤ ᠣᠷᠤᠨ ᠳᠠᠭᠠᠨ ᠬᠦᠳᠡᠯᠭᠡᠭᠦᠷ ᠢᠶᠠᠨ ᠨᠣᠴᠣᠭᠠᠵᠤ ᠬᠦᠯᠢᠶᠡᠬᠦ ᠴᠠᠭ ᠢ ᠪᠠᠭᠠᠰᠬᠠᠨ᠎ᠠ︔ ᠤᠯᠠᠨ ᠨᠡᠶᠢᠲᠡ | ᠳᠤ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ︾᠃ ᠭᠤᠷᠪᠠ ᠳᠤ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ᠂ ① ᠠᠵᠤ | ᠦᠢᠯᠡᠳᠪᠦᠷᠢ ᠶᠢᠨ ᠪᠤᠬᠢᠷᠳᠣᠯ ᠤᠨ ᠡᠬᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ | ᠠᠷᠭᠠᠴᠠᠭᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ ᠨᠠᠷᠢᠨ ᠲᠠᠩᠰᠠ ᠶᠢᠨ ᠶᠣᠰᠣᠭᠠᠷ᠂ ᠰᠢᠷ᠎ᠠ ᠥᠩᠭᠡ ᠶᠢᠨ | ᠰᠡᠷᠡᠮᠵᠢᠯᠡᠭᠦᠯᠦᠯ ᠤᠨ ᠦᠢᠯᠡᠳᠪᠦᠷᠢᠯᠡᠯ ᠶᠢ ᠵᠣᠭᠰᠣᠭᠠᠬᠤ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠤᠯᠪᠣᠭᠳᠠᠯ ᠪᠦᠬᠦᠢ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠠᠵᠤ ᠠᠬᠤᠶᠢᠯᠠᠯ ᠤᠨ ︽ᠨᠢᠭᠡ ᠦᠢᠯᠡᠳᠪᠦᠷᠢ ᠨᠢᠭᠡ ᠠᠷᠭ᠎ᠠ︾ ᠶᠢᠨ ᠪᠠᠴᠢᠮ ᠪᠠᠶᠢᠳᠠᠯ ᠢ ᠠᠷᠭᠠᠴᠠᠭᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ | ᠵᠢᠯᠣᠭᠤᠳᠴᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠠᠰᠬᠠᠬᠤ᠂ ᠦᠢᠯᠡᠳᠪᠦᠷᠢᠯᠡᠯ ᠢ ᠵᠣᠭᠰᠣᠭᠠᠬᠤ᠂ | ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ ᠪᠣᠳᠠᠰ ᠮᠠᠲ᠋ᠧᠷᠢᠶᠠᠯ ᠢ ᠴᠠᠭ ᠵᠦᠷᠢᠭᠦᠯᠦᠨ | ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠳᠤ ᠪᠣᠬᠢᠷᠲᠤᠯ ᠪᠤᠳᠠᠰ ᠢ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢᠨ ᠬᠠᠮᠲᠤ ᠭᠤᠣᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ ᠡᠬᠢ ᠬᠢᠨ ᠬᠠᠤᠯᠢ | ᠬᠡᠷᠡᠭᠵᠢᠭᠦᠯᠦᠯᠲᠡ ᠬᠢᠬᠦ ᠪᠠᠶᠢᠴᠠᠭᠠᠯᠲᠠ ᠶᠢᠨ ᠲᠤᠭ᠎ᠠ ᠤᠳᠠᠭ᠎ᠠ ᠶᠢ ᠨᠡᠮᠡᠭᠳᠡᠭᠦᠯᠦᠨ᠎ᠡ᠃ ᠪᠠᠲᠤᠯᠠᠭ᠎ᠠ ᠶᠢᠨ ᠲᠥᠷᠥᠯ ᠤᠨ | ᠠᠵᠤ ᠠᠬᠤᠶᠢᠯᠠᠯ ᠬᠢᠨ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠢᠯᠴᠢ ᠪᠠᠷ | ᠦᠢᠯᠡᠳᠪᠦᠷᠢᠯᠡᠯ ᠢ ᠲᠣᠭᠲᠠᠭᠠᠬᠤ ︵ᠴᠠᠬᠢᠯᠭᠠᠨ︶︾ ᠪᠤᠶᠤ ︽ᠬᠡᠮᠵᠢᠶ᠎ᠡ ᠪᠠᠷ ᠦᠢᠯᠡᠳᠪᠦᠷᠢᠯᠡᠯ ᠢ ᠲᠣᠭᠲᠠᠭᠠᠬᠤ︾ | ᠶᠢ ᠪᠠᠲᠤᠯᠠᠨ᠎ᠠ︔ ② ᠲᠣᠭᠤᠰᠣ ᠰᠢᠷᠣᠶ ᠶᠢᠨ ᠡᠬᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ | ᠂ ᠠᠭᠤᠷᠬᠠᠶ᠂ ᠬᠠᠶᠢᠷ ᠴᠢᠯᠠᠭᠤᠨ ᠤ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ | ᠬᠠᠪᠲᠠᠰᠤᠨ ᠤ ᠦᠢᠯᠡᠳᠪᠦᠷᠢ ᠵᠡᠷᠭᠡ ᠶᠢᠨ ᠵᠠᠳᠠᠭᠠᠶ ᠠᠵᠢᠯᠯᠠᠭ᠎ᠠ ᠶᠢ ᠵᠣᠭᠰᠣᠭᠠᠵᠤ᠂ ᠪᠠᠷᠢᠯᠭ᠎ᠠ ᠶᠢᠨ ᠭᠠᠵᠠᠷ ᠤᠨ | ᠰᠢᠷᠣᠶ ᠴᠢᠯᠠᠭᠤᠨ ᠤ ᠠᠵᠢᠯ ᠢ ᠵᠣᠭᠰᠣᠭᠠᠨ᠎ᠠ ︵ᠪᠠᠷᠢᠯᠭ᠎ᠠ ᠨᠤᠷᠠᠭᠠᠬᠤ᠂ ᠰᠢᠷᠣᠶ ᠴᠢᠯᠠᠭᠤ ᠮᠠᠯᠲᠠᠬᠤ᠂ ᠡᠭᠡᠭᠦᠯᠦᠨ | ᠪᠥᠭᠯᠡᠬᠦ᠂ ᠲᠠᠯᠠᠪᠤᠷ ᠲᠤ ᠪᠠᠨ ᠪᠤᠴᠠᠭᠠᠨ ᠲᠡᠭᠡᠭᠡᠪᠦᠷᠢᠯᠡᠬᠦ᠂ ᠴᠤᠬᠤᠢ ᠵᠢᠭᠤᠷᠠᠬᠤ᠂ ᠪᠧᠲ᠋ᠤᠨ ᠴᠤᠭᠤᠯᠬᠤ ᠵᠡᠷᠭᠡ | ᠠᠵᠢᠯ ᠢ ᠵᠣᠭᠰᠣᠭᠠᠨ᠎ᠠ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠰᠡᠨ ᠵᠠᠮ ᠪᠠ ᠬᠤᠭᠤᠯᠠᠶ ᠰᠤᠪᠠᠭ ᠮᠠᠯᠲᠠᠬᠤ | ᠠᠵᠢᠯ ᠢ ᠵᠣᠭᠰᠣᠭᠠᠨ᠎ᠠ︶︔ ᠪᠠᠷᠢᠯᠭ᠎ᠠ ᠶᠢᠨ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ | ᠬᠠᠶᠢᠷ ᠴᠢᠯᠠᠭᠤ ᠲᠡᠭᠡᠭᠡᠪᠦᠷᠢᠯᠡᠬᠦ ᠲᠡᠷᠭᠡ ᠬᠥᠰᠬᠡ ᠵᠠᠮ ᠳᠤ ᠭᠠᠷᠭᠠᠨ ᠶᠠᠪᠤᠭᠤᠯᠬᠤ ᠶᠢ ᠴᠠᠭᠠᠵᠠᠯᠠᠵᠤ᠂ ᠰᠢᠷᠣᠶ ᠴᠢᠯᠠᠭᠤ | ᠮᠠᠯᠲᠠᠬᠤ ᠮᠠᠯᠲᠠᠭᠤᠷ ᠮᠠᠰᠢᠨ ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠠᠵᠢᠯᠯᠠᠬᠤ ᠶᠢ | ᠵᠣᠭᠰᠣᠭᠠᠨ᠎ᠠ᠃ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠠᠴᠠ ᠡᠳᠦᠷ ᠲᠤᠲᠤᠮ ᠤᠨ ᠵᠠᠮ ᠶᠢ ᠴᠡᠪᠡᠷᠯᠡᠬᠦ ᠲᠤᠭ᠎ᠠ ᠤᠳᠠᠭ᠎ᠠ ᠶᠢ ᠪᠠᠲᠣᠯᠠᠭᠰᠠᠨ | ᠰᠠᠭᠤᠷᠢᠨ ᠳᠡᠭᠡᠷ᠎ᠡ᠂ ᠴᠡᠪᠡᠷᠯᠡᠨ ᠱᠦᠭᠦᠷᠳᠡᠬᠦ᠂ ᠤᠰᠤ ᠰᠦᠷᠴᠢᠬᠦ ᠵᠡᠷᠭᠡ ᠠᠵᠢᠯ ᠤᠨ ᠲᠤᠭ᠎ᠠ ᠤᠳᠠᠭ᠎ᠠ ︵ᠬᠥᠯᠳᠡᠬᠦ | ᠬᠤᠭᠤᠴᠠᠭ᠎ᠠ ᠶᠢ ᠪᠣᠳᠠᠲᠠᠶ ᠲᠠᠢ ᠪᠠᠨ ᠤᠶᠠᠯᠳᠤᠭᠤᠯᠤᠨ ᠬᠡᠷᠡᠭᠵᠢᠭᠦᠯᠦᠨ᠎ᠡ︶ ᠪᠠᠨ ᠨᠡᠮᠡᠭᠳᠡᠭᠦᠯᠬᠦ ᠶᠢ ᠬᠠᠷᠢᠭᠤᠴᠠᠨ᠎ᠠ᠃ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠵᠠᠮ ᠬᠠᠷᠢᠯᠴᠠᠭᠠᠨ ᠤ ᠪᠠᠷᠢᠯᠭ᠎ᠠ ᠶᠢᠨ ᠪᠠᠷᠢᠯᠭ᠎ᠠ | ᠪᠠᠷᠢᠬᠤ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠵᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠮᠠᠯ ᠵᠠᠮ ᠳᠡᠭᠡᠷ᠎ᠡ ᠶᠢᠨ ᠲᠣᠭᠤᠰᠣᠨ ᠤ ᠪᠣᠬᠢᠷᠲᠤᠯ ᠢ | ᠰᠡᠷᠭᠡᠶᠢᠯᠡᠨ ᠵᠠᠰᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ | ᠠᠷᠭᠠᠴᠠᠭᠠᠵᠤ ᠠᠶᠤᠯ ᠠᠴᠠ ᠠᠪᠤᠷᠬᠠᠤ ᠪᠠᠷᠢᠯᠭ᠎ᠠ ᠶᠢᠨ ᠠᠵᠢᠯ ᠵᠡᠷᠭᠡ ᠨᠢ ᠬᠡᠷᠡᠭᠴᠡᠭᠡ ᠪᠠᠨ ᠦᠨᠳᠦᠰᠦᠯᠡᠨ | ᠦᠷᠭᠦᠯᠵᠢᠯᠡᠨ ᠠᠵᠢᠯᠯᠠᠭᠤᠯᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠤᠨ | ᠡᠷᠬᠢᠨ ᠲᠣᠭᠤᠷᠢᠨ ᠢ ᠵᠠᠭᠤᠨ ᠤ ᠵᠠᠭᠤ ᠪᠠᠷ ᠬᠦᠷᠢᠶᠡᠯᠡᠨ ᠬᠠᠰᠢᠬᠤ᠂ ᠪᠣᠳᠠᠰ ᠮᠠᠲ᠋ᠧᠷᠢᠶᠠᠯ ᠣᠪᠣᠭ᠎ᠠ ᠪᠠᠨ ᠵᠠᠭᠤᠨ ᠤ | ᠵᠠᠭᠤ ᠪᠠᠷ ᠪᠦᠲᠦᠭᠡᠬᠦ᠂ ᠣᠷᠣᠵᠤ ᠭᠠᠷᠬᠤ ᠲᠡᠷᠭᠡ ᠬᠥᠰᠬᠡ ᠶᠢ ᠵᠠᠭᠤᠨ ᠤ ᠵᠠᠭᠤ ᠪᠠᠷ ᠤᠬᠢᠶᠠᠬᠤ᠂ ᠪᠠᠷᠢᠯᠭ᠎ᠠ ᠶᠢᠨ | ᠭᠠᠵᠠᠷ ᠤᠨ ᠵᠠᠮ ᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ | ᠵᠠᠭᠤᠨ ᠤ ᠵᠠᠭᠤ ᠪᠠᠷ ᠴᠢᠬᠢᠭᠳᠡᠭᠦᠯᠦᠨ ᠠᠵᠢᠯᠯᠠᠭᠤᠯᠬᠤ᠂ ᠰᠢᠭᠠᠷᠤ ᠰᠢᠷᠦᠢ ᠲᠡᠭᠡᠭᠡᠬᠦ ᠲᠡᠷᠭᠡ ᠬᠥᠰᠬᠡ ᠶᠢ ᠵᠠᠭᠤᠨ ᠤ | ᠵᠠᠭᠤ ᠪᠠᠷ ᠨᠢᠭᠲᠠ ᠪᠢᠲᠡᠭᠦᠮᠵᠢᠯᠡᠬᠦ︶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ | ᠪᠦᠬᠦᠨ ᠢ ᠪᠦᠷᠬᠦᠵᠦ᠂ ᠤᠰᠤ ᠰᠦᠷᠴᠢᠵᠦ ᠲᠣᠭᠤᠰᠣ ᠶᠢ ᠳᠠᠷᠤᠬᠤ ᠤᠳᠠᠭ᠎ᠠ ᠪᠠᠨ ᠨᠡᠮᠡᠭᠳᠡᠭᠦᠯᠦᠨ᠎ᠡ︔ ③ᠰᠢᠯᠵᠢᠮᠡᠯ | ᠪᠣᠬᠢᠷᠲᠤᠯ ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ ᠪᠠᠷᠢᠯᠭ᠎ᠠ ᠶᠢᠨ ᠭᠠᠵᠠᠷ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠪᠠ ᠠᠵᠤ ᠦᠢᠯᠡᠳᠪᠦᠷᠢ ᠶᠢᠨ | ᠲᠣᠭᠤᠷᠢᠭ ᠲᠤ ᠪᠠᠷᠢᠮᠵᠢᠶ᠎ᠠ ᠳᠤ ᠬᠦᠷᠬᠦ ᠦᠭᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ | ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠣᠯᠤᠨ | ᠡᠭᠦᠷᠭᠡ ᠭᠦᠢᠴᠡᠳᠭᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠬᠤᠲᠠ ᠶᠢᠨ ᠲᠣᠭᠤᠷᠢᠭ ᠤᠨ | ᠳᠣᠲᠣᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ᠂ ᠳᠣᠤᠷ᠎ᠠ | ᠬᠤᠷᠳᠣᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠣᠯᠤᠨ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ᠃ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ | ᠬᠦᠨᠳᠦ ᠪᠣᠬᠢᠷᠲᠤᠯ ᠲᠠᠢ ᠴᠠᠭ ᠠᠭᠤᠷ ᠲᠤ ᠨᠡᠪᠲᠡᠷᠡᠬᠦ ᠶᠢ ᠬᠢᠵᠠᠭᠠᠷᠯᠠᠬᠤ ᠵᠠᠷᠯᠠᠯ ᠢ ᠦᠨᠳᠦᠰᠦᠯᠡᠨ᠂ ᠬᠦᠨᠳᠦ | ᠬᠡᠯᠪᠡᠷᠢ ᠶᠢᠨ᠂ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠬᠢᠵᠠᠭᠠᠷᠯᠠᠵᠤ | ᠪᠠᠶᠢᠬᠤ ᠶᠢ ᠵᠦᠷᠢᠴᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠰᠢᠢᠳᠭᠡᠯ ᠥᠭᠬᠦ ᠶᠢ ᠬᠠᠷᠢᠭᠤᠴᠠᠵᠤ᠂ | ᠬᠢᠯᠢ ᠪᠠᠷ ᠥᠩᠭᠡᠷᠡᠬᠦ ᠲᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠭᠤᠷᠢᠭ ᠠᠴᠠ ᠵᠠᠶᠢᠯᠠᠭᠤᠯᠤᠨ᠎ᠠ︔ ④ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ | ᠠᠷᠭ᠎ᠠ ᠬᠡᠮᠵᠢᠶ᠎ᠡ᠃ ᠲᠦᠩᠯᠢᠶᠣᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ | ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠᠴᠢᠯᠠᠯᠲᠠ ᠶᠢᠨ | ᠬᠠᠮᠢᠶᠠᠷᠤᠯᠲᠠ ᠶᠢᠨ ᠣᠷᠣᠨ ᠤ ᠳᠣᠲᠣᠷ᠎ᠠ ᠮᠣᠳᠣᠨ ᠨᠠᠪᠴᠢ᠂ ᠬᠤᠭ ᠨᠣᠪᠰᠢ ᠶᠢ ᠵᠠᠳᠠᠭᠠᠶ ᠰᠢᠲᠠᠭᠠᠬᠤ ᠶᠢ | ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠲᠤᠰᠤ ᠣᠲᠤᠭ᠎ᠠ ᠶᠢ | ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ︵3︶ Ⅱ ᠲᠠᠰ ᠤᠨ ᠴᠣᠣᠷᠢᠶᠠᠳᠤᠯ ᠢ ᠳᠠᠭᠠᠬᠤ ᠠᠷᠭ᠎ᠠ ᠬᠡᠮᠵᠢᠶ᠎ᠡ᠃ Ⅲ ᠲᠠᠰ ᠤᠨ ᠪᠠᠴᠢᠮ ᠠᠷᠭᠠᠴᠠᠭᠠᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠷᠠᠭᠠᠬᠢ ᠮᠡᠲᠦ ᠠᠯᠪᠠᠳᠠᠯᠭ᠎ᠠ ᠶᠢᠨ ᠴᠢᠨᠠᠷᠲᠠᠶ | ᠪᠣᠬᠢᠷᠲᠤᠯ ᠪᠤᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠡᠮᠡᠨ᠎ᠡ᠄ ᠨᠢᠭᠡ ᠳᠤ ᠡᠷᠡᠭᠦᠯ | ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶ᠎ᠠ ᠠᠴᠠ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠬᠡᠷ ᠤᠨ ᠭᠠᠳᠠᠨᠠᠬᠢ ᠬᠢᠴᠢᠶᠡᠯ ᠪᠠ ᠠᠵᠢᠯᠯᠠᠭ᠎ᠠ ᠶᠢ ᠵᠣᠭᠰᠣᠭᠠᠵᠤ᠂ ᠪᠡᠶ᠎ᠡ ᠶᠢᠨ | ᠲᠠᠮᠢᠷ ᠤᠨ ᠰᠢᠯᠭᠠᠯᠲᠠ ᠪᠠ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠬᠡᠷ ᠤᠨ ᠭᠠᠳᠠᠨᠠᠬᠢ ᠠᠵᠢᠯᠯᠠᠭ᠎ᠠ ᠶᠢ | ᠬᠤᠶᠢᠰᠢᠯᠠᠭᠤᠯᠤᠨ ᠶᠠᠪᠤᠭᠳᠠᠭᠤᠯᠬᠤ ᠶᠢ ᠬᠢᠨᠠᠨ ᠵᠢᠯᠣᠭᠤᠳᠬᠤ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ | ᠬᠤᠶᠠᠷ ᠲᠤ᠂ ᠠᠵᠤ ᠦᠢᠯᠡᠳᠪᠦᠷᠢ ᠶᠢᠨ ᠪᠣᠬᠢᠷᠳᠣᠯ ᠤᠨ ᠡᠬᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ | ᠬᠡᠮᠵᠢᠶ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶ ᠠᠴᠠ | ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ ᠬᠠᠷᠢᠴᠠᠯ ᠢ | ᠨᠡᠮᠡᠭᠳᠡᠭᠦᠯᠬᠦ ᠶᠢ ᠬᠢᠨᠠᠨ ᠵᠢᠯᠣᠭᠤᠳᠴᠤ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ | ᠬᠤᠪᠢᠶᠠᠨ ᠡᠭᠡᠯᠵᠢᠯᠡᠨ ᠴᠠᠬᠢᠯᠭᠠᠨ ᠭᠠᠷᠭᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ | ᠬᠡᠷᠡᠭᠵᠢᠭᠦᠯᠦᠨ᠎ᠡ︔ ᠭᠤᠷᠪᠠ ᠳᠤ᠂ ᠰᠢᠷᠤᠢ ᠲᠣᠭᠤᠰᠣᠨ ᠪᠣᠬᠢᠷᠳᠣᠯ ᠤᠨ ᠡᠬᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠠᠷᠭ᠎ᠠ ᠬᠡᠮᠵᠢᠶ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠪᠠᠷᠢᠯᠭ᠎ᠠ ᠶᠢᠨ ᠭᠠᠵᠠᠷ ᠤᠨ ᠬᠡᠷ ᠤᠨ ᠭᠠᠳᠠᠨ᠎ᠠ ᠰᠢᠷ ᠪᠤᠳᠤᠭ ᠰᠠᠭᠤᠯᠭᠠᠬᠤ | ᠰᠦᠷᠴᠢᠨ ᠰᠢᠷᠳᠡᠬᠦ᠂ ᠬᠡᠷᠴᠢᠬᠦ᠂ ᠵᠠᠮ ᠤᠨ ᠲᠥᠬᠦᠭᠡᠷᠦᠮᠵᠢ ᠶᠢᠨ ᠵᠢᠪᠠᠷᠠᠬᠦ ᠶᠢ ᠰᠡᠷᠭᠡᠶᠢᠯᠡᠬᠦ᠂ ᠵᠠᠮ ᠳᠡᠪᠢᠰᠬᠦ ᠵᠡᠷᠭᠡ | ᠪᠠᠷᠢᠯᠭ᠎ᠠ ᠶᠢᠨ ᠠᠵᠢᠯ ᠢ ᠵᠣᠭᠰᠣᠭᠠᠬᠤ ᠶᠢ ᠬᠢᠨᠠᠨ ᠵᠢᠯᠣᠭᠤᠳᠬᠤ ᠶᠢ ᠬᠠᠷᠢᠭᠤᠴᠠᠨ᠎ᠠ︔ ᠳᠥᠷᠪᠡ ᠳᠤ ᠰᠢᠯᠵᠢᠮᠡᠯ | ᠪᠣᠬᠢᠷᠲᠤᠯ ᠪᠤᠳᠠᠰ ᠭᠠᠳᠠᠭᠰᠢᠯᠠᠭᠤᠯᠣᠲᠠ ᠶᠢ ᠪᠠᠭᠠᠰᠬᠠᠬᠤ ᠠᠷᠭ᠎ᠠ ᠬᠡᠮᠵᠢᠶ᠎ᠡ᠂ ᠬᠤᠰᠢᠭᠤᠨ ᠤ ᠵᠠᠮ ᠬᠠᠷᠢᠯᠴᠠᠭᠠᠨ ᠤ | ᠲᠣᠪᠴᠢᠶ᠎ᠠ ᠬᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠭᠡᠭᠡᠪᠦᠷᠢᠯᠡᠬᠦ ᠬᠦᠴᠦᠨ ᠢ | ᠨᠡᠮᠡᠭᠳᠡᠭᠦᠯᠦᠨ᠂ ᠣᠯᠠᠨ ᠨᠡᠶᠢᠲᠡ ᠶᠢᠨ ᠶᠠᠪᠤᠵᠤ ᠰᠠᠭᠤᠬᠤ ᠶᠢ ᠪᠠᠲᠤᠯᠠᠵᠤ᠂ ᠨᠥᠬᠦᠴᠡᠯ ᠲᠠᠢ ᠭᠠᠵᠠᠷ ᠣᠷᠣᠨ ᠬᠢᠨ | ᠵᠠᠰᠠᠭ ᠤᠨ ᠣᠷᠳᠣᠨ ᠠᠴᠠ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡ ᠶᠢ | ᠬᠤᠳᠠᠯᠳᠤᠨ ᠠᠪᠬᠤ ᠠᠷᠭ᠎ᠠ ᠮᠠᠶ᠋ᠢᠭ ᠢ ᠠᠰᠢᠭᠯᠠᠨ ᠨᠡᠶᠢᠲᠡ ᠶᠢᠨ ᠮᠠᠰᠢᠨ ᠤ ᠵᠠᠷᠤᠳᠠᠯ ᠢ ᠬᠠᠰᠤᠵᠤ ᠬᠡᠯᠲᠦᠷᠢᠭᠦᠯᠦᠨ᠎ᠡ | ︔ ᠠᠭᠤᠷᠬᠠᠶ ︵ᠨᠡᠭᠦᠷᠡᠰᠦᠨ ᠠᠭᠤᠷᠬᠠᠶ ᠪᠠᠭᠲᠠᠨ᠎ᠠ︶᠂ ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠠᠴᠠ ᠪᠤᠰᠤᠳ︶ ᠵᠡᠷᠭᠡ | ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠪᠠ ᠦᠢᠯᠡᠳᠭᠦᠨ ᠤ ᠲᠡᠭᠡᠭᠡᠪᠦᠷᠢ ︵ᠡᠳᠦᠷ ᠲᠤᠲᠤᠮ ᠤᠨ ᠲᠡᠷᠭᠡ | ᠬᠥᠰᠬᠡ ᠶᠢᠨ ᠣᠷᠣᠵᠤ ᠭᠠᠷᠬᠤ ᠬᠡᠮᠵᠢᠶ᠎ᠡ 10 ᠤᠳᠠᠭ᠎ᠠ ᠠᠴᠠ ᠳᠠᠪᠠᠭᠰᠠᠨ︶ ᠨᠢᠭᠡᠴᠡ ᠬᠢᠨ ᠤᠯᠤᠰ ᠤᠨ | ᠳᠥᠷᠪᠡᠳᠦᠭᠡᠷ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ︵ | ᠰᠢᠲᠠᠭᠠᠯᠭ᠎ᠠ ᠶᠢᠨ ᠬᠡᠶ ᠶᠢ ᠪᠠᠭᠲᠠᠭᠠᠭᠰᠠᠨ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ︶ ᠶᠢ | ᠬᠡᠷᠡᠭᠯᠡᠬᠦ ᠪᠠᠨ ᠵᠣᠭᠰᠣᠭᠠᠪᠠᠯ ᠵᠤᠬᠢᠨ᠎ᠠ ︵ᠣᠨᠴᠠ ᠲᠥᠷᠥᠯ ᠤᠨ ᠲᠡᠷᠭᠡ ᠬᠥᠰᠬᠡ᠂ ᠠᠶᠤᠯᠲᠠᠶ ᠬᠢᠮᠢ ᠶᠢᠨ ᠡᠳ᠋ | ᠲᠡᠭᠡᠭᠡᠪᠦᠷᠢᠯᠡᠬᠦ ᠲᠡᠷᠭᠡ ᠬᠥᠰᠬᠡ ᠵᠡᠷᠭᠡ ᠠᠴᠠ ᠭᠠᠳᠠᠨ᠎ᠠ︶︔ ᠲᠠᠪᠤ ᠳᠤ ᠪᠤᠰᠤᠳ ᠠᠷᠭ᠎ᠠ ᠬᠡᠮᠵᠢᠶ᠎ᠡ᠂ ᠬᠤᠰᠢᠭᠤᠨ ᠤ | ᠴᠠᠭ ᠠᠭᠤᠷ ᠤᠨ ᠲᠣᠪᠴᠢᠶ᠎ᠠ ᠬᠢᠨ ᠴᠠᠭ ᠠᠭᠤᠷ ᠤᠨ ᠨᠥᠬᠦᠴᠡᠯ ᠢ ᠦᠨᠳᠦᠰᠦᠯᠡᠨ ᠴᠠᠭ ᠲᠤᠬᠠᠢ ᠳᠤᠨᠢ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠥᠷᠨᠢᠭᠦᠯᠬᠦ ᠲᠣᠬᠢᠷᠠᠭᠤᠯᠬᠤ ᠶᠢ ᠬᠠᠷᠢᠭᠤᠴᠠᠨ᠎ᠠ᠃ | ︵4︶ Ⅱ ᠲᠠᠰ ᠤᠨ ᠪᠠᠴᠢᠮ ᠠᠷᠭᠠᠴᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ | ᠳᠠᠷᠠᠭᠠᠬᠢ ᠠᠷᠭ᠎ᠠ ᠬᠡᠮᠵᠢᠶ᠎ᠡ ᠶᠢ ᠨᠡᠮᠡᠨ᠎ᠡ᠄ ᠨᠢᠭᠡ ᠳᠤ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ | ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠠᠴᠠ ᠨᠥᠬᠦᠴᠡᠯ ᠲᠠᠢ ᠬᠡᠤᠬᠡᠳ ᠤᠨ ᠴᠡᠴᠡᠷᠯᠢᠭ᠂ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠢ ᠵᠣᠭᠰᠣᠭᠠᠬᠤ ᠶᠢ ᠵᠢᠯᠣᠭᠤᠳᠬᠤ ᠶᠢᠨ ᠬᠠᠮᠲᠤ ᠬᠢᠴᠢᠶᠡᠯ | ᠵᠣᠭᠰᠣᠭᠰᠠᠨ ᠬᠤᠭᠤᠴᠠᠭᠠᠨ ᠳᠠᠬᠢ ᠰᠣᠷᠣᠭᠴᠢ ᠶᠢᠨ ᠰᠤᠷᠤᠯᠴᠠᠯᠭ᠎ᠠ ᠶᠢ ᠵᠣᠬᠢᠰᠲᠠᠶ ᠲᠣᠬᠢᠷᠠᠭᠤᠯᠵᠤ᠂ ᠠᠯᠢ | ᠴᠢᠳᠠᠬᠤ ᠪᠠᠷ ᠬᠢᠴᠢᠶᠡᠯ ᠵᠣᠭᠰᠣᠪᠠᠴᠤ ᠰᠤᠷᠣᠯᠴᠠᠯᠭ᠎ᠠ ᠵᠣᠭᠰᠣᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ︔ | ᠬᠤᠶᠠᠷ ᠲᠤ ᠪᠣᠬᠢᠷᠲᠤᠯ ᠪᠤᠳᠠᠰ ᠭᠠᠳᠠᠭᠰᠢᠯᠠᠭᠤᠯᠤᠯᠲᠠ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ | ᠂ ① ᠠᠵᠤ ᠦᠢᠯᠡᠳᠪᠦᠷᠢ ᠶᠢᠨ ᠪᠤᠬᠢᠷᠳᠣᠯ ᠶᠢᠨ ᠡᠬᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ | ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ | ᠠᠷᠭᠠᠴᠠᠭᠠᠵᠤ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢᠨ ᠶᠣᠰᠣᠭᠠᠷ᠂ | ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠳᠤ ᠦᠢᠯᠡᠳᠪᠦᠷᠢᠯᠡᠬᠦ ᠶᠢ ᠵᠣᠭᠰᠣᠭᠠᠬᠤ ᠪᠠ ᠬᠢᠵᠠᠭᠠᠷᠯᠠᠬᠤ | ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ ᠨᠠᠶᠢᠲᠠᠪᠣᠷᠢᠢᠭᠤᠯᠣᠨᠠ᠃ ② ᠰᠢᠯᠵᠢᠮᠡᠯ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠷᠴᠢᠮ ᠳᠡᠭᠡᠷ᠎ᠡ ᠪᠠᠨ᠂ ᠬᠤᠲᠠ ᠶᠢᠨ | ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠣᠯᠤᠨ ᠡᠭᠦᠷᠭᠡ ᠭᠦᠢᠴᠡᠳᠭᠡᠬᠦ ᠣᠨᠴᠠ ᠲᠥᠷᠥᠯ ᠤᠨ ᠲᠡᠷᠭᠡ | ᠬᠥᠰᠬᠡ ᠠᠴᠠ ᠭᠠᠳᠠᠨ᠎ᠠ᠂ ᠬᠤᠲᠠ ᠶᠢᠨ ᠲᠣᠭᠤᠷᠢᠭ ᠤᠨ ᠳᠣᠲᠣᠷ᠎ᠠ ᠬᠦᠨᠳᠦ ᠬᠡᠯᠪᠡᠷᠢ ᠶᠢᠨ᠂ ᠳᠤᠮᠳᠠ ᠬᠡᠯᠪᠡᠷᠢ ᠶᠢᠨ | ᠪᠠ ᠬᠥᠩᠭᠡᠨ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠶ ᠪᠠᠭᠲᠠᠨ᠎ᠠ︶᠂ ᠭᠤᠷᠪᠠᠨ | ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠣᠯᠤᠨ ᠲᠷᠠᠺᠲ᠋ᠣᠷ ᠵᠠᠮ ᠳᠤ | ᠭᠠᠷᠬᠤ ᠶᠢ ᠴᠠᠭᠠᠵᠠᠯᠠᠨ᠎ᠠ᠃ ᠪᠥᠬᠦ ᠬᠤᠰᠢᠭᠤᠨ ᠤ ᠬᠡᠪᠴᠢᠶᠡᠨ ᠳᠤ ᠠᠴᠢᠬᠤ ᠲᠡᠭᠡᠭᠡᠬᠦ ᠮᠠᠰᠢᠨ᠂ ᠮᠠᠯᠲᠠᠭᠤᠷ ᠮᠠᠰᠢᠨ᠂ | ᠰᠢᠷᠣᠶ ᠲᠦᠯᠬᠢᠬᠦ ᠮᠠᠰᠢᠨ᠂ ᠵᠠᠮ ᠳᠠᠷᠤᠬᠤ ᠮᠠᠰᠢᠨ᠂ ᠵᠠᠮ ᠳᠠᠷᠣᠬᠤ ᠮᠠᠰᠢᠨ᠂ ᠠᠴᠠ ᠲᠡᠷᠭᠡ᠂ ᠪᠤᠯᠠᠭᠠᠷᠢ ᠰᠢᠭᠠᠬᠤ | ᠮᠠᠰᠢᠨ᠂ ᠤᠳᠬᠤᠭᠤᠷ ᠲᠡᠷᠭᠡ᠂ ᠡᠷᠭᠦᠭᠦᠷ ᠲᠡᠷᠭᠡ ᠵᠡᠷᠭᠡ ᠪᠠᠷᠢᠯᠭ᠎ᠠ ᠶᠢᠨ ᠮᠠᠰᠢᠨ ᠮᠧᠬᠠᠨᠢᠭ ᠤᠨ ᠶᠠᠪᠤᠬᠤ ᠶᠢ | ᠴᠠᠭᠠᠵᠠᠯᠠᠨ᠎ᠠ᠃ ᠭᠤᠣᠯᠳᠠᠯᠭ᠎ᠠ ᠲᠠᠢ ᠠᠵᠢᠯ ᠲᠦᠷᠦᠯ ᠠᠵᠤ ᠠᠬᠤᠶᠢᠯᠠᠯ ᠤᠳ ᠵᠠᠰᠠᠮᠠᠯ ᠵᠡᠮ ᠢᠶᠠᠷ ᠲᠡᠭᠡᠭᠡᠪᠦᠷᠢᠯᠡᠬᠦ ᠶᠢ | ᠴᠠᠭᠠᠵᠠᠯᠠᠨ᠎ᠠ᠃ | 4.5 ᠪᠠᠴᠢᠮ ᠪᠠᠶᠢᠳᠠᠯ ᠢ ᠠᠷᠭᠠᠴᠠᠭᠠᠨ ᠬᠤᠯᠪᠣᠭᠠᠯᠠᠨ ᠬᠥᠳᠡᠯᠦᠯᠴᠡᠬᠦ | ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ | ᠬᠤᠪᠢᠶᠠᠷᠢ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ | ᠪᠡᠶ᠎ᠡ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠠᠯᠪᠠᠳᠠᠯᠭ᠎ᠠ ᠶᠢᠨ ᠴᠢᠨᠠᠷᠲᠠᠶ | ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠢᠨᠠᠨ ᠬᠠᠮᠢᠶᠠᠷᠬᠤ ᠪᠤᠶᠤ ᠬᠢᠨᠠᠨ ᠵᠢᠯᠣᠭᠤᠳᠬᠤ ᠡᠭᠦᠷᠭᠡ | ᠬᠠᠷᠢᠭᠤᠴᠠᠯᠭ᠎ᠠ ᠲᠠᠢ ᠨᠢᠭᠡᠴᠡ ᠬᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ | ᠵᠠᠳᠠᠯᠤᠯᠲᠠ᠂ ᠰᠤᠳᠤᠯᠤᠨ ᠮᠠᠭᠠᠳᠯᠠᠯᠲᠠ᠂ ᠦᠨᠡᠯᠡᠯᠲᠡ ᠬᠢᠬᠦ ᠶᠢ ᠴᠢᠩᠭᠠᠳᠬᠠᠵᠤ᠂ ᠴᠠᠭ ᠲᠤᠬᠠᠶ ᠳᠤᠨᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠪᠠᠶᠢᠳᠠᠯ ᠢ ᠮᠡᠳᠡᠭᠦᠯᠦᠨ᠎ᠡ᠃ | 4.6 ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠳᠠᠭᠤᠰᠬᠠᠬᠤ | ᠰᠡᠷᠡᠮᠵᠢᠯᠡᠭᠦᠯᠦᠯ ᠢ ᠲᠠᠶᠢᠯᠣᠭᠰᠠᠨ ᠤ ᠳᠠᠷᠠᠭ᠎ᠠ᠂ ᠪᠠᠴᠢᠮ ᠠᠷᠭᠠᠴᠭᠠᠬᠤ ᠴᠣᠣᠷᠢᠶᠠᠳᠤᠨ ᠳᠠᠭᠠᠬᠤ ᠠᠵᠢᠯ | ᠠᠶᠠᠨᠳᠠᠭᠠᠨ ᠳᠠᠭᠤᠰᠣᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠴᠣᠣᠷᠢᠶᠠᠳᠤᠨ ᠳᠠᠭᠠᠬᠤ | ᠠᠷᠭ᠎ᠠ ᠬᠡᠮᠵᠢᠶ᠎ᠡ ᠠᠪᠤᠭᠰᠠᠨ ᠨᠢᠭᠡᠴᠡ ᠳᠤ ᠪᠠᠴᠢᠮ ᠪᠠᠶᠢᠳᠠᠯ ᠢ ᠠᠷᠭᠠᠴᠠᠭᠠᠬᠤ ᠶᠢ ᠵᠣᠭᠰᠣᠭᠠᠭᠰᠠᠨ ᠢ ᠮᠡᠳᠡᠭᠳᠡᠨ᠎ᠡ᠃ |