ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃     ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠲᠡᠮᠡᠴᠡᠯ ᠢ ᠪᠠᠶᠢᠩᠭᠤᠵᠢᠭᠤᠯᠬᠤ ᠲᠥᠪ ᠬᠤᠷᠢᠶᠠᠨ ᠤ ᠬᠢᠨᠠᠨ ᠵᠢᠯᠣᠭᠤᠳᠬᠤ ᠡᠬᠢᠯᠡᠬᠦ ᠠᠴᠠ ᠡᠮᠦᠨᠡᠬᠢ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠣᠢ ᠰᠢᠭᠤᠢ  ᠶᠢᠨ ᠠᠬᠠᠯᠠᠭᠴᠢ ᠶᠢᠨ ᠳᠦᠷᠢᠮ ᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠣᠯᠠᠮᠵᠢᠯᠠᠨ ᠰᠤᠷᠣᠯᠴᠠᠪᠠ᠃ ︽ᠵᠠᠷᠤᠳ ᠬᠤᠰᠢᠭᠤᠨ ᠤ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠠᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠣᠶ ᠰᠢᠭᠤᠢ ᠶᠢᠨ ᠠᠬᠠᠯᠠᠭᠴᠢ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠲᠠᠪᠣᠷᠢᠵᠢᠭᠤᠯᠬᠤ ᠲᠥᠰᠦᠯ︾ ᠢ ᠰᠤᠳᠤᠯᠤᠨ ᠬᠢᠨᠠᠨ ᠵᠥᠪᠯᠡᠪᠡ᠃     ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠢ ᠰᠢᠭᠤᠢ ᠶᠢᠨ ᠠᠬᠠᠯᠠᠭᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠢ ᠰᠢᠭᠤᠢ ᠶᠢᠨ ᠠᠬᠠᠯᠠᠭᠴᠢ ᠶᠢᠨ ᠲᠦᠷᠢᠮ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃ ᠤᠢ ᠰᠢᠭᠤᠢ ᠶᠢᠨ ᠠᠬᠠᠯᠠᠭᠴᠢ ᠶᠢᠨ ᠳᠦᠷᠢᠮ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠢ ᠰᠢᠭᠤᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠢ ᠰᠢᠭᠤᠢ ᠶᠢᠨ ᠠᠵᠤ ᠦᠢᠯᠡᠰ ᠢ ᠬᠦᠴᠦᠷᠬᠡᠭᠵᠢᠭᠦᠯᠵᠦ᠂ ᠤᠢ ᠰᠢᠭᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠤᠢ ᠰᠢᠭᠤᠢ ᠶᠢᠨ ᠠᠬᠠᠯᠠᠭᠴᠢ ᠶᠢᠨ ᠤᠢ ᠰᠢᠭᠤᠢ  ᠲᠣᠭᠤᠷᠢᠨ ᠦᠵᠡᠬᠦ ᠨᠠᠷᠢᠨ ᠲᠠᠩᠰᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠤᠢ ᠰᠢᠭᠤᠢ ᠶᠢᠨ ᠠᠬᠠᠯᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠠᠬᠢᠭᠤᠯᠵᠤ᠂ ᠬᠠᠮᠲᠤᠷᠠᠭᠰᠠᠨ ᠬᠤᠷᠠᠯ ᠤᠨ ᠲᠦᠷᠢᠮ᠂ ᠰᠠᠯᠠᠭ᠎ᠠ ᠮᠥᠴᠢᠷ ᠤᠨ ᠬᠠᠮᠵᠢᠯᠴᠠᠬᠤ ᠲᠦᠷᠢᠮ ᠢ ᠲᠡᠭᠦᠯᠳᠡᠷᠵᠢᠭᠦᠯᠵᠦ᠂ ᠤᠢ ᠰᠢᠭᠤᠢ ᠶᠢᠨ ᠠᠬᠠᠯᠠᠭᠴᠢ ᠶᠢᠨ ᠲᠦᠷᠢᠮ ᠤᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃     ᠱᠤᠤ ᠶᠠᠨ ᠵᠢᠶᠦ᠋ᠨ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠢᠮᠠᠭᠲᠠ ᠰᠡᠷᠭᠡᠭ ᠲᠠᠨᠢᠯᠲᠠ ᠲᠠᠢ ᠪᠠᠶᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠤᠯᠠᠮ ᠨᠢᠭᠡ ᠠᠯᠬᠤᠮ ᠴᠢᠭᠯᠡᠯ ᠢᠶᠠᠨ ᠲᠣᠳᠣᠷᠬᠠᠶᠢᠯᠠᠵᠤ᠂ ᠭᠤᠣᠯᠳᠠᠯᠭ᠎ᠠ ᠶᠢ ᠠᠳᠬᠤᠵᠤ᠂ ᠳᠣᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠣᠰᠠᠳᠬᠠᠬᠤ ᠪᠠᠶᠢᠩᠭᠤ ᠶᠢᠨ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠤᠯᠤᠰ ᠲᠥᠷᠥ ᠶᠢᠨ ᠶᠡᠭᠡ ᠶᠠᠪᠤᠳᠠᠯ᠂ ᠲᠤᠬᠠᠶᠢᠯᠠᠭᠰᠠᠨ ᠠᠵᠢᠯ ᠴᠢᠬᠤᠯᠠ ᠶᠠᠪᠤᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠢᠭᠡᠨᠲᠡ ᠴᠡᠭᠴᠡᠯᠡᠨ ᠵᠠᠰᠠᠵᠤ ᠳᠠᠬᠢᠨ ᠰᠡᠷᠭᠦᠬᠦ ᠶᠢ ᠡᠷᠡᠰ ᠰᠡᠷᠭᠡᠶᠢᠯᠡᠵᠦ᠂ ᠡᠮᠬᠢ ᠵᠠᠮᠪᠠᠷᠠᠭ᠎ᠠ ᠥᠬᠡᠶ ᠦᠵᠡᠭᠳᠡᠯ ᠤᠨ ᠡᠭᠦᠰᠴᠦ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠶᠢ ᠨᠠᠷᠢᠨ ᠪᠣᠳᠠᠲᠠᠢ ᠠᠳᠬᠤᠬᠤ ᠬᠡᠷᠡᠭᠲᠡᠢ᠃ ︽ᠬᠠᠳᠠᠭᠠᠯᠠᠭᠳᠠᠴᠠ︾ ᠳᠡᠭᠡᠷ᠎ᠡ ᠬᠦᠴᠦ ᠲᠠᠯᠪᠢᠵᠤ᠂ ᠲᠠᠯᠠᠪᠠᠢ ᠪᠠᠨ ᠥᠷᠭᠡᠳᠬᠡᠨ ᠣᠲᠣ ᠶᠢᠨ ᠪᠠᠶᠢᠭ᠎ᠠ ᠰᠦᠪᠡᠭᠴᠢ ᠶᠢ ᠭᠦᠨ ᠠᠭᠤᠳᠠᠯᠵᠤ᠂ ᠳᠠᠬᠢᠨ ᠬᠢᠨᠠᠵᠤ ᠬᠢᠨᠠᠯᠲᠠ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠥᠷᠨᠢᠭᠦᠯᠬᠦ ᠮᠥᠷᠲᠡᠭᠡᠨ ᠪᠠᠰᠠ ᠰᠦᠪᠡᠭᠴᠢ ᠶᠢᠨ ︽ᠨᠡᠮᠡᠭᠳᠡᠯ︾ ᠳᠡᠭᠡᠷ᠎ᠡ ᠬᠦᠴᠦ ᠲᠠᠯᠪᠢᠵᠤ᠂ ᠣᠶᠢᠷ᠎ᠠ ᠶᠢᠨ ᠵᠢᠯ ᠳᠤ ᠬᠡᠷᠡᠭ ᠡᠳᠦᠬᠦ᠂ ᠵᠣᠷᠢᠭᠤᠳᠠ ᠭᠡᠮᠲᠦᠭᠡᠭᠰᠡᠨ ᠵᠡᠷᠭᠡ ᠬᠡᠷᠡᠭ ᠢ ᠤᠭᠰᠠᠷᠠᠬᠤ ᠶᠢᠨ ᠬᠠᠮᠲᠤ ᠵᠠᠳᠠᠯᠬᠤ᠂ ᠬᠤᠯᠪᠣᠭᠳᠠᠭᠤᠯᠤᠨ ᠬᠠᠷᠢᠴᠠᠭᠤᠯᠬᠤ ᠶᠢ ᠴᠢᠩᠭᠠᠳᠬᠠᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号